ᠰᠣᠶᠣᠯ ᠤᠷᠠᠯᠢᠭ > ᠠᠷᠪᠠᠨ ᠲᠠᠪᠤᠳᠤᠭᠠᠷ ᠬᠤᠭᠤᠴᠠᠭᠠᠨ᠎ᠤ᠋ ᠲᠠᠮᠢᠷ᠎ᠤ᠋ᠨ ᠴᠤᠭᠯᠠᠭᠠᠨ

2023-08-08 10:39:00

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠰᠠᠨᠰᠠᠷ ᠣᠩᠱᠢᠭ᠍ᠰᠠᠨ ᠣᠳᠠᠭ᠎ᠠ᠄ 3

8 ᠰᠠᠷ᠎ᠠ᠎ᠶ᠋ᠢᠨ 7 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠠᠯᠬᠤᠭ᠎ᠠ ᠤᠷᠤᠯᠳᠤᠭᠠᠨ ᠪᠠ ᠬᠠᠭᠠᠰ ᠵᠠᠢ ᠵᠢᠨ ᠮᠠᠷᠠᠽᠤᠨ ᠤᠷᠤᠯᠳᠤᠭᠠᠨ᠎ᠠᠮᠵᠢᠯᠲᠠ ᠲᠠᠢ ᠥᠨᠳᠥᠷᠯᠡᠪᠡ᠃

ᠤᠢᠯᠠᠭᠠᠭᠰᠠᠨ᠎ᠶ᠋ᠢᠡᠷ᠂ ᠪᠥᠬᠥ᠌ ᠣᠷᠣᠨ᠎ᠤ 10 ᠲᠥᠯᠥᠭᠡᠯᠡᠭ᠌ᠴᠢ᠎ᠶ᠋ᠢᠨ ᠠᠩᠭᠢ᠎ᠶᠢᠨ 373 ᠲᠠᠮᠢᠷᠴᠢᠨ ᠤᠷᠤᠯᠳᠤᠭᠠᠨ᠎ᠳᠤ ᠣᠷᠣᠯᠴᠠᠵᠤ᠂ ᠡᠷᠡᠭ᠌ᠲᠡᠶ ᠡᠮᠡᠭ᠌ᠲᠡᠶ᠎ᠶᠢᠨ ᠬᠥᠬᠡ᠂ ᠬᠥᠬᠡᠭ᠌ᠴᠢᠨ ᠳᠤᠭᠤᠢᠯᠠᠩ᠎ᠳᠦ ᠵᠠᠰᠠᠮᠠᠯ ᠵᠠᠮ ᠎ᠤᠨ 6 ᠲᠦᠷᠦᠯ᠎ᠤᠨ ᠤᠷᠤᠯᠳᠤᠭᠠᠨ ᠲᠣᠬᠢᠷᠠᠭᠤᠯᠵᠤ᠂ ᠡᠷᠡᠭ᠌ᠲᠡᠶ ᠡᠮᠡᠭ᠌ᠲᠡᠶ ᠎ᠶᠢᠨ ᠤᠯᠠᠭᠠᠨ ᠳᠤᠭᠤᠢᠯᠠᠩ ᠎ᠳᠦ ᠵᠠᠰᠠᠮᠠᠯ ᠵᠠᠮ ᠎ᠤᠨ 3 ᠲᠦᠷᠦᠯ᠎ᠤᠨ ᠤᠷᠤᠯᠳᠤᠭᠠᠨ ᠲᠣᠬᠢᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠦᠨᠳᠦ ᠬᠥᠩᠭᠡᠨ ᠲᠠᠮᠢᠷ᠎ᠤᠨ ᠤᠷᠤᠯᠳᠤᠭᠠᠨ ᠪᠠ ᠣᠰᠣᠨ ᠳᠡᠭᠡᠷᠡᠬᠢ ᠪᠡᠶ᠎ᠡ᠎ᠶ᠋ᠢᠨ ᠲᠠᠮᠢᠷ᠎ᠤᠨ ᠬᠦᠳᠡᠯᠭᠡᠭᠡᠨ ᠎ᠤ ᠲᠥᠪ᠎ᠦᠨ ᠡᠷᠬᠢᠯᠡᠭ᠌ᠴᠢ ᠢᠦᠶ ᠬᠤᠢ ᠰᠤᠷᠪᠤᠯᠵᠢᠯᠠᠭ᠎ᠠ ᠬᠦᠯᠢᠶᠡᠬᠦ᠎ᠳᠡᠭᠡᠨ ᠄ 《ᠮᠠᠷᠠᠽᠤᠨ ᠤᠷᠤᠯᠳᠤᠭᠠᠨ ᠪᠠ ᠠᠯᠬᠤᠭ᠎ᠠ ᠤᠷᠤᠯᠳᠤᠭᠠᠨ᠎ᠤ ᠲᠥᠷᠥᠯ ᠵᠦᠶ᠋ᠯ ᠪᠣᠯ ᠮᠠᠨ᠎ᠤ ᠤᠷᠤᠨ᠎ᠤ ᠪᠡᠶ᠎ᠡ᠎ᠶᠢᠨ ᠲᠠᠮᠢᠷ᠎ᠤᠨ ᠤᠯᠠᠮᠵᠢᠯᠠᠯᠲᠤ ᠳᠠᠪᠠᠭᠤᠯᠢᠭ ᠲᠥᠷᠥᠯ ᠵᠦᠶ᠋ᠯ ᠮᠥᠨ᠃ ᠣᠯᠠᠨ ᠵᠢᠯ᠎ᠦᠨ ᠲᠤᠷᠰᠢ ᠳᠡᠯᠡᠬᠡᠶ᠎ᠶ᠋ᠢᠨ ᠮᠠᠩᠯᠠᠶ᠂ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠮᠠᠩᠯᠠᠶ ᠤᠯᠠᠨᠳᠠ ᠴᠤᠯᠭᠤᠷᠠᠭᠰᠠᠨ ᠶᠤᠮ᠃ ᠪᠢᠳᠡ ᠡᠨᠡ ᠤᠳᠠᠭᠠᠨ᠎ᠤ ᠤᠷᠤᠯᠳᠤᠭᠠᠨ᠎ᠢᠶᠠᠷ ᠳᠠᠮᠵᠢᠭᠤᠯᠤᠨ ᠮᠠᠨ᠎ᠤ ᠤᠷᠤᠨ᠎ᠤ᠎ᠲᠤᠰᠭᠠᠶ ᠮᠡᠷᠭᠡᠵᠢᠯ᠎ᠦᠨ ᠠᠩᠭᠢ᠎ᠳᠤ ᠴᠢᠳᠠᠪᠤᠷᠢᠲᠠᠨ᠎ᠨᠡᠨᠭ ᠢᠯᠡᠭᠦᠦ ᠬᠦᠮᠦᠵᠢᠭᠦᠯᠬᠦ᠎ᠵᠢ ᠬᠦᠰᠡᠵᠦ᠍ ᠪᠠᠢᠨ᠎ᠠ᠃ ᠡᠨᠡ ᠤᠳᠠᠭᠠᠨ᠎ᠤ ᠤᠷᠤᠯᠳᠤᠭᠠᠨ᠎ᠤ ᠬᠥᠬᠡᠭ᠌ᠴᠢᠨ ᠳᠤᠭᠤᠢᠯᠠᠩ ᠪᠠ ᠤᠯᠠᠭᠠᠨ ᠳᠤᠭᠤᠢᠯᠠᠩ᠎ᠤᠨ ᠤᠷᠤᠯᠳᠤᠭᠠᠨ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠣᠯᠠᠨ ᠪᠥᠭᠡᠳ ᠮᠠᠰᠢ ᠰᠠᠢᠨ ᠬᠢᠷᠢ ᠪᠦᠲᠦᠮᠵᠢ ᠤᠯᠤᠯ᠎ᠠ᠃ ᠭᠡᠪᠡᠴᠦ᠍ ᠣᠳᠣᠬᠠᠨ᠎ᠳᠤ ᠠᠯᠬᠤᠭ᠎ᠠ ᠤᠷᠤᠯᠳᠤᠭᠠᠨ ᠪᠠ ᠮᠠᠷᠠᠽᠤᠨ ᠤᠷᠤᠯᠳᠤᠭᠠᠨ᠎ᠤ ᠵᠦᠢᠯ᠎ᠦᠨ ᠡᠮᠡᠭ᠌ᠲᠡᠶ ᠲᠠᠮᠢᠷᠴᠢᠳ᠎ᠤᠨ ᠲᠣᠭ᠎ᠠ ᠬᠠᠷᠢᠴᠠᠩᠭᠤᠶ ᠴᠥᠭᠡᠨ ᠪᠠᠢᠬᠤ᠎ᠶ᠋ᠢ ᠣᠯᠵᠤ ᠮᠡᠳᠡᠵᠡᠢ᠃ ᠳᠠᠷᠠᠭᠠᠴᠢ᠎ᠪᠡᠷ ᠪᠢᠳᠡ ᠡᠮᠡᠭ᠌ᠲᠡᠶ ᠲᠠᠮᠢᠷᠴᠢᠨ᠎ᠢ ᠬᠥᠮᠦᠵᠢᠭᠦᠯᠬᠦ᠌ ᠲᠠᠯ᠎ᠠ᠎ᠪᠠᠷ ᠴᠢᠷᠮᠠᠢᠵᠤ᠂ ᠢᠷᠡᠭᠡᠳᠦᠢ᠎ᠳᠦ ᠨᠠᠩ ᠣᠯᠠᠨ ᠳᠡᠯᠡᠬᠡᠶ᠎ᠶ᠋ᠢᠨ ᠮᠠᠩᠯᠠᠶ ᠪᠠ ᠪᠦᠬᠦ᠌ ᠤᠯᠤᠰ᠎ᠤᠨ ᠮᠠᠩᠯᠠᠶ ᠬᠦᠮᠦᠵᠢᠭᠦᠯᠬᠦ ᠪᠡᠷ ᠴᠢᠷᠮᠠᠢᠨ᠎ᠠ》 ᠭᠡᠵᠦ ᠤᠷᠮᠠᠲᠠᠢᠬᠠᠨ ᠶᠠᠷᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面