ᠰᠣᠶᠣᠯ ᠤᠷᠠᠯᠢᠭ > ᠠᠷᠪᠠᠨ ᠲᠠᠪᠤᠳᠤᠭᠠᠷ ᠬᠤᠭᠤᠴᠠᠭᠠᠨ᠎ᠤ᠋ ᠲᠠᠮᠢᠷ᠎ᠤ᠋ᠨ ᠴᠤᠭᠯᠠᠭᠠᠨ

2023-08-08 10:29:48

ᠵᠣᠬᠢᠶᠠᠭ᠍ᠴᠢ᠄ ​ᠴᠸᠨ ᠨᠠᠷᠠᠨᠳᠤᠨᠭᠭᠠᠯᠠᠭ ᠰᠠᠨᠰᠠᠷ ᠣᠩᠱᠢᠭ᠍ᠰᠠᠨ ᠣᠳᠠᠭ᠎ᠠ᠄ 3

8 ᠰᠠᠷ᠎ᠠ᠎ᠶ᠋ᠢᠨ 7 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠰᠣᠨᠢᠨ ᠮᠡᠳᠡᠭᠡ ᠨᠡᠢᠲᠡᠯᠡᠬᠦ᠌ ᠬᠤᠷᠠᠯ ᠤᠷᠳᠤᠰ ᠬᠤᠲᠠ᠎ᠳᠦ ᠬᠤᠷᠠᠯᠳᠤᠪᠠ᠃ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ᠂ ᠲᠤᠰ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠭᠦᠶ᠋ᠴᠡᠳᠭᠡᠬᠦ᠌ ᠺᠣᠮᠢᠰ᠎ᠤᠨ ᠤᠷᠤᠯᠳᠤᠭᠠᠨ᠎ᠤ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠶ᠋ᠢᠨ ᠳᠡᠳ᠋ ᠳᠠᠷᠤᠭ᠎ᠠ ᠯᠢ ᡁᠢ ᠶᠢᠦ ᠤᠷᠤᠯᠳᠤᠭᠠᠨ᠎ᠤ ᠵᠣᠬᠢᠶᠠᠨ ᠪᠠᠢᠭᠤᠯᠬᠤ ᠠᠵᠢᠯ᠎ᠤᠨ ᠬᠠᠮᠢᠶ᠎ᠠ ᠪᠥᠬᠥᠶ ᠪᠠᠢᠳᠠᠯ᠎ᠢ ᠲᠠᠨᠢᠯᠴᠠᠭᠤᠯᠪᠠ᠃

ᠤᠢᠯᠠᠭᠠᠭᠰᠠᠨ᠎ᠶ᠋ᠢᠡᠷ᠂ ᠡᠯ᠎ᠡ ᠤᠷᠤᠯᠳᠤᠭᠠᠨ᠎ᠤ ᠲᠥᠷᠥᠯ ᠵᠦᠶ᠋ᠯ᠎ᠦᠨ ᠲᠠᠯᠠᠪᠤᠷ᠎ᠢ ᠥᠭᠡᠷᠡᠴᠢᠯᠡᠨ ᠵᠠᠰᠠᠬᠤ ᠡᠭᠦᠷᠭᠡ᠎ᠶ᠋ᠢ ᠨᠢᠭᠡᠨᠲᠡ ᠪᠦᠬᠦᠨ᠎ᠢ ᠪᠡᠶᠡᠯᠡᠭᠦᠯᠵᠦ᠍᠂ ᠴᠥᠮ ᠠᠮᠤᠷ ᠲᠦᠪᠱᠢᠨ᠎ᠦ ᠪᠠᠢᠴᠠᠭᠠᠯᠲᠠ ᠪᠠ ᠲᠥᠬᠥᠭᠡᠷᠦᠮᠵᠢ᠎ᠶ᠋ᠢᠨ ᠲᠣᠬᠢᠷᠠᠭᠤᠯᠤᠯᠲᠠ ᠬᠢᠵᠦ᠍᠂ ᠤᠷᠤᠯᠳᠤᠭᠠᠨ᠎ᠤ ᠨᠥᠬᠥᠴᠡᠯ᠎ᠢ ᠪᠦᠷᠢᠨ ᠪᠦᠷᠢᠯᠳᠦᠭᠦᠯᠪᠡ᠃ ᠵᠣᠨ᠎ᠤ ᠤᠯᠠᠷᠢᠯ᠎ᠤᠨ ᠤᠷᠤᠯᠳᠤᠭᠠᠨ᠎ᠤ ᠲᠥᠷᠥᠯ ᠵᠦᠶ᠋ᠯ ᠡᠬᠢᠯᠡᠭ᠌ᠰᠡᠨ᠎ᠡᠴᠡ ᠨᠠᠭᠠᠰᠢ᠂ ᠨᠢᠭᠡᠨᠲᠡ 22 ᠶᠡᠬᠡ ᠲᠥᠷᠥᠯ ᠵᠦᠶ᠋ᠯ᠎ᠤᠨ792 ᠪᠠᠭ᠎ᠠ ᠲᠥᠷᠥᠯ᠎ᠦᠨ ᠤᠷᠤᠯᠳᠤᠭᠠᠨ᠎ᠤ ᠵᠣᠬᠢᠶᠠᠨ ᠪᠠᠢᠭᠤᠯᠬᠤ ᠠᠵᠢᠯ᠎ᠢ ᠪᠡᠶᠡᠯᠡᠭᠦᠯᠵᠦ᠍᠂ ᠠᠮᠤᠷ᠎ᠢ ᠬᠠᠮᠠᠭᠠᠯᠠᠬᠤ᠂ ᠭᠥᠯᠢᠶᠡᠨ ᠠᠪᠬᠤ᠂ ᠡᠮᠴᠢᠯᠡᠭᠡ᠂ ᠢᠳᠡᠭᠡᠨ᠎ᠦ ᠠᠮᠤᠷ ᠲᠦᠪᠱᠢᠨ᠂ ᠵᠠᠮ ᠬᠠᠷᠢᠯᠴᠠᠭ᠎ᠠ ᠵᠡᠷᠭᠡ ᠡᠯ᠎ᠡ ᠵᠦᠶ᠋ᠯ᠎ᠦᠨ ᠤᠷᠤᠯᠳᠤᠭᠠᠨ᠎ᠤ ᠶᠠᠪᠤᠳᠠᠯ᠎ᠤᠨ ᠦᠶ᠋ᠯᠡᠴᠢᠯᠡᠭᠡ᠎ᠶ᠋ᠢ ᠪᠥᠬᠥ᠌ ᠲᠠᠯ᠎ᠠ᠎ᠪᠠᠷ ᠱᠢᠯᠭᠠᠨ ᠪᠠᠢᠴᠠᠭᠠᠵᠤ᠂ ᠣᠳᠣᠬᠠᠨ᠎ᠳᠤ ᠨᠢᠭᠡᠨᠲᠡ ᠤᠷᠤᠯᠳᠤᠭᠠᠨ᠎ᠤ ᠶᠠᠪᠤᠳᠠᠯ᠎ᠢᠶᠠᠷ ᠭᠤᠤᠯ ᠱᠤᠭᠤᠮ ᠪᠣᠯᠭᠠᠭ᠍ᠰᠠᠨ᠂ ᠡᠯ᠎ᠡ ᠬᠣᠯᠪᠣᠭ᠍ᠳᠠᠯ ᠪᠥᠬᠥᠶ ᠠᠵᠢᠯ᠎ᠤᠨ ᠬᠡᠯᠲᠡᠰ ᠨᠢᠭ᠍ᠲᠠ ᠬᠠᠮᠵᠢᠯᠴᠠᠭ᠍ᠰᠠᠨ ᠤᠷᠤᠯᠳᠤᠭᠠᠨ᠎ᠤ ᠶᠠᠪᠤᠳᠠᠯ᠎ᠤᠨ ᠦᠶ᠋ᠯᠡᠴᠢᠯᠡᠭᠡᠨ᠎ᠦ ᠪᠠᠲᠤᠯᠠᠭ᠎ᠠ᠎ᠶ᠋ᠢᠨ ᠢᠵᠢ ᠪᠦᠷᠢᠨ ᠵᠠᠭ᠍ᠪᠤᠷ᠎ᠢ ᠪᠦᠷᠢᠯᠳᠦᠭᠦᠯᠪᠡ᠃ ᠣᠶᠤᠨᠴᠢ᠎ᠪᠠᠷ ᠤᠷᠤᠯᠳᠤᠭᠠᠨ ᠡᠷᠭᠢᠯᠡᠬᠦ᠌᠂ ᠣᠶᠤᠨᠴᠢ᠎ᠪᠠᠷ ᠤᠷᠤᠯᠳᠤᠭᠠᠨ᠎ᠳᠤ ᠣᠷᠣᠯᠴᠠᠬᠤ᠂ ᠣᠶᠤᠨᠴᠢ᠎ᠪᠠᠷ ᠤᠷᠤᠯᠳᠤᠭᠠᠨ᠎ᠢ ᠰᠣᠨᠢᠷᠬᠠᠬᠤ 《ᠣᠶᠤᠨᠴᠢ ᠬᠠᠮᠢᠶᠠᠷᠤᠯᠲᠠ᠎ᠶ᠋ᠢᠨ ᠲᠠᠪᠴᠠᠩ》 ᠢ᠋ ᠨᠡᠭᠡᠭᠡᠨ ᠬᠥᠭ᠌ᠵᠢᠭᠦᠯᠵᠦ᠍᠂ ᠤᠷᠤᠯᠳᠤᠭᠠᠨ᠎ᠳᠤ ᠣᠳᠣᠬᠢᠴᠢᠯᠠᠭ᠍ᠰᠠᠨ᠂ ᠣᠶᠤᠨᠴᠢᠯᠠᠭ᠍ᠰᠠ᠂ ᠬᠥᠮᠥᠯᠢᠭ ᠦᠶ᠋ᠯᠡᠴᠢᠯᠡᠭᠡᠨ᠎ᠦ ᠵᠠᠭᠪᠤᠷ᠎ᠢ ᠪᠦᠷᠢᠯᠳᠦᠭᠦᠯᠪᠡ᠃ ᠴᠤᠬᠯᠠᠭᠠᠨ ᠲᠡᠭᠦᠰᠬᠦ ᠪᠤᠯᠲᠠᠯ᠎ᠠ᠂ ᠬᠦᠨᠳᠦ ᠬᠥᠩᠭᠡᠨ ᠲᠠᠮᠢᠷ᠎ᠤᠨ ᠤᠷᠤᠯᠳᠤᠭᠠᠨ᠂ ᠠᠯᠠᠭᠠᠳᠠᠬᠤ ᠪᠥᠮᠪᠥᠭᠡ᠂ ᠬᠥᠯ ᠪᠥᠮᠪᠥᠭᠡ᠂ ᠲᠣᠣᠷ ᠪᠥᠮᠪᠥᠭᠡ᠂ ᠤᠮᠪᠠᠯᠲᠠ᠂ ᠭᠤᠯᠭᠤᠭᠤᠷ ᠬᠦᠷᠳᠦ ᠵᠡᠷᠭᠡ 6 ᠶᠡᠬᠡ ᠲᠥᠷᠥᠯ᠎ᠤᠨ 273 ᠪᠠᠭ᠎ᠠ ᠲᠥᠷᠥᠯ᠎ᠦᠨ ᠤᠷᠤᠯᠳᠤᠭᠠᠨ᠎ᠢ ᠶᠠᠪᠤᠭᠳᠠᠭᠤᠯᠬᠤ ᠪᠤᠯᠤᠨ᠎ᠠ᠃

ᠴᠤᠬᠯᠠᠭᠠᠨ᠎ᠤ ᠡᠬᠢᠯᠡᠯᠲᠡ᠎ᠶ᠋ᠢᠨ ᠶᠣᠰᠣᠯᠠᠯ᠎ᠢ 8 ᠰᠠᠷ᠎ᠠ᠎ᠶ᠋ᠢᠨ 8 ᠎ᠤ᠋ ᠣᠷᠣᠶ ᠤᠷᠳᠤᠰ ᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠬᠥᠭ᠌ᠵᠢᠯᠲᠡ᠎ᠶ᠋ᠢᠨ ᠲᠥᠪ᠎ᠦᠨ ᠪᠡᠶ᠎ᠡ᠎ᠶ᠋ᠢᠨ ᠲᠠᠮᠢᠷ᠎ᠤᠨ ᠲᠠᠯᠠᠪᠠᠶ᠎ᠳᠤ ᠶᠠᠪᠤᠭᠳᠠᠭᠤᠯᠤᠨ᠎ᠠ᠃ ᠡᠬᠢᠯᠡᠯᠲᠡ᠎ᠶ᠋ᠢᠨ ᠶᠣᠰᠣᠯᠠᠯ᠎ᠤᠨ ᠲᠠᠯᠠᠪᠠᠶ᠎ᠶ᠋ᠢᠨ ᠲᠣᠭ᠍ᠯᠠᠯᠲᠠ᠎ᠶ᠋ᠢ ᠴᠥᠮ ᠨᠡᠢᠭᠡᠮ ᠲᠣᠭᠣᠷᠢᠭ᠎ᠤᠨ ᠣᠯᠠᠨ ᠲᠦᠮᠡᠨᠴᠢ ᠤᠷᠠᠯᠢᠭ᠎ᠤᠨ ᠪᠦᠯᠬᠦᠮ᠎ᠡᠴᠡ ᠲᠣᠭ᠍ᠯᠠᠵᠤ᠂ ᠤᠷᠠᠨ ᠰᠠᠢᠬᠠᠨ᠎ᠤ ᠲᠣᠭ᠍ᠯᠠᠯᠲᠠ᠎ᠳᠦ ᠣᠷᠳᠣᠰ ᠬᠣᠲᠠ᠎ᠶ᠋ᠢᠨ ᠤᠶᠤᠲᠠᠳ ᠣᠷᠣᠯᠴᠠᠵᠤ᠂ ᠲᠤᠬᠠᠶ ᠎ᠶ᠋ᠢᠨ ᠦᠶ᠎ᠡ ᠎ᠳᠦ 4 ᠲᠦᠮᠡ ᠱᠢᠬᠠᠮ ᠦᠵᠡᠭ᠌ᠴᠢᠳ ᠲᠠᠯᠠᠪᠠᠶ᠎ᠳᠤ ᠬᠦᠷᠴᠦ᠍ ᠰᠣᠨᠢᠷᠬᠠᠬᠤ ᠪᠣᠯᠤᠨ᠎ᠠ᠃ ᠣᠷᠳᠣᠰ ᠬᠣᠲᠠ᠎ᠶ᠋ᠢᠨ ᠳᠡᠳ᠋ ᠳᠠᠷᠤᠭ᠎ᠠ ᠺᠦᠩ ᠹᠠᠨ ᠹᠸᠢ᠄ 《ᠤᠷᠳᠤᠰ ᠬᠤᠲᠠ ᠲᠤᠰ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠢ ᠳᠠᠭᠠᠭᠠᠴᠢᠯᠠᠨ ᠡᠷᠭᠢᠯᠡᠬᠦ᠌ ᠪᠤᠯᠤᠭᠰᠠᠨ᠎ᠤ ᠬᠤᠪᠢ᠎ᠳᠦ ᠰᠠᠢᠲᠤᠷ ᠡᠷᠭᠢᠯᠡᠬᠦ᠌ ᠭᠦᠶ᠋ᠴᠡᠳ ᠪᠡᠯᠡᠳᠭᠡᠯ ᠬᠢᠵᠦ᠂ 〈ᠠᠷᠪᠢᠴᠢ ᠭᠠᠮᠲᠠᠶ᠂ ᠠᠮᠤᠷ ᠲᠦᠪᠱᠢᠨ᠂ ᠭᠣᠢᠳᠠ ᠰᠠᠢᠬᠠᠨ〉 ᠪᠡᠶ᠎ᠡ᠎ᠶ᠋ᠢᠨ ᠲᠠᠮᠢᠷ᠎ᠤᠨ ᠦᠪᠡᠳᠡᠭᠰᠢ ᠴᠤᠬᠯᠠᠭᠠᠨ᠎ᠢ ᠤᠯᠠᠨ ᠲᠦᠮᠡᠨ᠎ᠳᠦ ᠬᠦᠷᠭᠡᠬᠦ ᠪᠡᠷ ᠪᠡᠯᠡᠭᠡᠨ ᠪᠤᠯᠤᠯ᠎ᠠ》 ᠭᠡᠵᠦ ᠲᠠᠨᠢᠯᠴᠠᠭᠤᠯᠵᠥ ᠪᠠᠢᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面