ᠰᠣᠶᠣᠯ ᠤᠷᠠᠯᠢᠭ > ᠠᠷᠪᠠᠨ ᠲᠠᠪᠤᠳᠤᠭᠠᠷ ᠬᠤᠭᠤᠴᠠᠭᠠᠨ᠎ᠤ᠋ ᠲᠠᠮᠢᠷ᠎ᠤ᠋ᠨ ᠴᠤᠭᠯᠠᠭᠠᠨ

2023-08-10 10:18:44

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

8 ᠰᠠᠷ᠎ᠠ᠎ᠶ᠋ᠢᠨ 9 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠤᠮᠪᠠᠯᠲᠠ᠎ᠶ᠋ᠢᠨ ᠲᠥᠷᠥᠯ ᠵᠦᠶ᠋ᠯ᠎ᠦᠨ ᠤᠷᠤᠯᠳᠤᠭᠠᠨ ᠣᠷᠳᠣᠰ ᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠬᠥᠭ᠌ᠵᠢᠯᠲᠡ᠎ᠶ᠋ᠢᠨ ᠲᠥᠪ᠎ᠦᠨ ᠤᠮᠪᠠᠯᠲᠠ᠎ᠶ᠋ᠢᠨ ᠣᠷᠳᠣᠨ᠎ᠳᠤ ᠡᠬᠢᠯᠡᠪᠡ᠃

ᠤᠢᠯᠠᠭᠠᠭᠰᠠᠨ᠎ᠶ᠋ᠢᠡᠷ᠂ ᠲᠣᠰ ᠤᠳᠠᠭᠠᠨ᠎ᠤ ᠤᠮᠪᠠᠯᠲᠠ᠎ᠶ᠋ᠢᠨ ᠲᠥᠷᠥᠯ ᠵᠦᠶ᠋ᠯ᠎ᠦᠨ ᠤᠷᠤᠯᠳᠤᠭᠠᠨ᠎ᠳᠤ 12 ᠠᠢᠮᠠᠭ ᠬᠣᠲᠠ᠎ᠶ᠋ᠢᠨ 464 ᠲᠠᠮᠢᠷᠴᠢᠨ ᠤᠷᠤᠯᠴᠠᠬᠤ ᠪᠤᠯᠤᠨ᠎ᠠ᠃ ᠲᠣᠰ ᠤᠳᠠᠭᠠᠨ᠎ᠤ ᠤᠷᠤᠯᠳᠤᠭᠠᠨ᠎ᠢ ᠡᠷᠡᠭ᠌ᠲᠡᠶ᠂ ᠡᠮᠡᠭ᠌ᠲᠡᠶ᠎ᠶ᠋ᠢᠨ ᠬᠥᠬᠡ ᠬᠥᠬᠡᠭ᠌ᠴᠢᠨ ᠤᠯᠠᠭᠠᠨ ᠤᠯᠠᠭᠠᠭ᠍ᠴᠢᠨ ᠳᠤᠭᠤᠢᠯᠠᠩ ᠬᠤᠪᠢᠶᠠᠵᠤ᠂ ᠴᠢᠯᠥᠭᠡᠲᠦ ᠤᠮᠪᠠᠯᠲᠠ᠂ ᠮᠡᠯᠡᠬᠡᠶ ᠤᠮᠪᠠᠯᠲᠠ᠂ ᠲᠠᠩᠭᠠᠢᠮᠠᠯ ᠤᠮᠪᠠᠯᠲᠠ᠂ ᠡᠷᠪᠡᠬᠡᠶ ᠤᠮᠪᠠᠯᠲᠠ ᠵᠡᠷᠭᠡ 72 ᠵᠢᠵᠢᠭ ᠲᠥᠷᠥᠯ ᠵᠦᠶ᠋ᠯ᠎ᠤᠨ ᠤᠷᠤᠯᠳᠤᠭᠠᠨ ᠲᠤᠬᠢᠷᠠᠭᠤᠯᠵᠤ᠂ 12 ᠎ᠤ᠋ᠨ ᠡᠳᠦᠷ ᠪᠣᠯᠲᠠᠯ᠎ᠠ ᠨᠡᠢᠲᠡ 4 ᠡᠳᠦᠷ ᠤᠷᠤᠯᠳᠤᠨ᠎ᠠ᠃

ᠥᠪᠡᠷᠲᠡᠭᠡᠨ ᠵᠠᠰᠠᠬᠤ ᠣᠷᠣᠨ᠎ᠤ ᠬᠦᠨᠳᠦ ᠬᠥᠩᠭᠡᠨ ᠪᠡᠶ᠎ᠡ᠎ᠶᠢᠨ ᠲᠠᠮᠢᠷ᠎ᠤᠨ ᠤᠷᠤᠯᠳᠤᠭᠠᠨ ᠪᠠ ᠣᠰᠣᠨ ᠳᠡᠭᠡᠷᠡᠬᠢ ᠪᠡᠶ᠎ᠡ᠎ᠶ᠋ᠢᠨ ᠲᠠᠮᠢᠷ᠎ᠤᠨ ᠲᠥᠪ᠎ᠦᠨ ᠡᠷᠬᠢᠯᠡᠭ᠌ᠴᠢ ᠢᠦᠶ ᠬᠤᠢ ᠰᠤᠷᠪᠤᠯᠵᠢᠯᠠᠭ᠎ᠠ ᠬᠦᠯᠢᠶᠡᠬᠦ᠎ᠳᠡᠭᠡᠨ᠄《ᠲᠤᠰ ᠤᠳᠠᠭᠠᠨ᠎ᠤ ᠤᠷᠤᠯᠳᠤᠭᠠᠨ ᠪᠣᠯ ᠦᠨᠭᠭᠡᠷᠡᠭᠰᠡᠨ ᠬᠤᠭᠤᠴᠠᠭ᠎ᠠ ᠲᠠᠢ ᠬᠠᠷᠢᠴᠠᠭᠤᠯᠪᠡᠯ ᠲᠤᠬᠢᠷᠠᠭᠤᠯᠤᠭᠰᠠᠨ ᠲᠦᠷᠦᠯ ᠵᠦᠢᠯ ᠨᠢ ᠬᠠᠮᠤᠭ᠎ᠤᠨ ᠪᠦᠷᠢᠨ᠂ ᠨᠡᠢ᠌ᠲᠡ 72 ᠠᠯᠲᠠᠨ ᠮᠧᠳᠠᠯ ᠰᠢᠯᠭᠠᠷᠠᠭᠤᠯᠬᠤ ᠪᠣᠯᠤᠨ᠎ᠠ᠃ ᠥᠩᠭᠡᠷᠡᠭᠡᠭ᠌ᠰᠡᠨ᠎ᠦ ᠬᠢ᠎ᠲᠡᠶ ᠬᠠᠷᠢᠴᠠᠭᠤᠯᠪᠠᠯ᠂ ᠤᠷᠤᠯᠳᠤᠭᠠᠨ᠎ᠳᠤ ᠣᠷᠣᠯᠴᠠᠬᠤ ᠬᠥᠮᠦᠨ᠎ᠦ ᠲᠣᠭ᠎ᠠ ᠪᠠ ᠵᠣᠬᠢᠶᠠᠨ ᠪᠠᠢᠭᠤᠯᠬᠤ ᠬᠡᠪᠴᠢᠶ᠎ᠡ᠎ᠶ᠋ᠢᠨ ᠲᠠᠯ᠎ᠠ᠎ᠪᠠᠷ ᠴᠥᠮ ᠮᠠᠰᠢ ᠶᠡᠬᠡ ᠳᠡᠭᠡᠭ᠌ᠰᠢᠯᠡᠯᠲᠡ᠎ᠲᠡᠶ ᠪᠣᠯᠵᠠᠶ᠃ ᠪᠢᠳᠡ ᠤᠷᠤᠯᠳᠤᠭᠠᠨ᠎ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ᠎ᠤ ᠤᠮᠪᠠᠯᠲᠠ᠎ᠶ᠋ᠢᠨ ᠲᠥᠷᠥᠯ ᠵᠦᠶ᠋ᠯ᠎ᠦᠨ ᠬᠥᠭ᠌ᠵᠢᠯᠲᠡ᠎ᠵᠢ ᠠᠬᠢᠭᠤᠯᠵᠤ᠂ ᠪᠡᠯᠡᠳᠭᠡᠯ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠮᠠᠨ᠎ᠤ ᠤᠷᠤᠨ᠎ᠤ ᠤᠮᠪᠠᠯᠲᠠ᠎ᠶ᠋ᠢᠨ ᠲᠥᠷᠥᠯ ᠵᠦᠶ᠋ᠯ᠎ᠢ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠭᠤᠯᠬᠤ᠎ᠪᠡᠷ ᠴᠢᠷᠮᠠᠢᠨ᠎ᠠ》 ᠭᠡᠵᠦ ᠶᠠᠷᠢᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面