2023-07-31 10:12:15
2023 ᠤᠨ᠎ᠤ 8 ᠰᠠᠷ᠎ᠠ᠎ᠶ᠋ᠢᠨ 8᠎ᠤ᠋ ᠡᠳᠦᠷ — ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠡᠬᠢᠯᠡᠯᠳᠡ ᠵᠢᠨ ᠶᠤᠰᠤᠯᠠᠯ ᠣᠷᠳᠣᠰ ᠬᠣᠲᠠ᠎ᠳᠤ ᠶᠠᠪᠤᠭᠳᠠᠬᠤ ᠪᠤᠯᠤᠨ᠎ᠠ᠃ ᠡᠨᠡ ᠪᠤᠯ ᠪᠦᠬᠦ ᠤᠷᠤᠨ᠎ᠤ ᠦᠨᠳᠦᠰᠦᠳᠡᠨ ᠨᠤᠬᠦᠳ᠎ᠤᠨ ᠤᠯᠠᠨ ᠲᠦᠮᠡᠨ᠎ᠤ ᠦᠪᠡᠳᠡᠭᠰᠢ ᠪᠠᠶᠠᠷ᠂ ᠦᠪᠡᠳᠡᠭᠰᠢ ᠴᠤᠭᠯᠠᠭᠠᠨ ᠮᠦᠨ᠃ ᠤᠳᠤᠬᠠᠨ ᠳ᠋ᠤ ᠤᠷᠤᠯᠳᠤᠭᠠᠨ᠎ᠤ ᠡᠯ᠎ᠡ ᠵᠦᠶ᠋ᠯ᠎ᠦᠨ ᠪᠡᠯᠡᠳᠭᠡᠯ ᠠᠵᠢᠯ ᠶᠠᠭ ᠡᠮᠬᠢ ᠵᠢᠷᠤᠮ ᠲᠡᠶ ᠢᠳᠡ ᠬᠦᠭ ᠲᠠᠢ ᠶᠠᠪᠤᠭ᠍ᠳᠠᠵᠤ᠂ ᠨᠡᠩ ᠴᠸ᠋ ᠳᠤᠮᠳᠠᠳᠤ ᠮᠠᠶᠢᠭ᠎ᠤᠨ ᠪᠥᠬᠡ᠂ ᠣᠲᠣ ᠦᠶ᠎ᠡ ᠶ᠋ᠢᠨ ᠲᠠᠪᠤᠨ ᠵᠦᠶ᠋ᠯ᠂ ᠬᠠᠷᠪᠤᠯᠲᠠ ᠵᠡᠷᠭᠡ ᠡᠮᠦᠨᠡᠬᠢ ᠬᠤᠭᠤᠴᠠᠭᠠᠨ᠎ᠤ ᠤᠷᠤᠯᠳᠤᠭᠠᠨ ᠨᠤᠭᠤᠳ ᠠᠮᠵᠢᠯᠳᠠᠳᠠᠢ ᠰᠠᠢᠬᠠᠨ ᠶᠠᠪᠤᠭᠳᠠᠵᠤ᠂ ᠪᠦᠬᠦ ᠣᠷᠣᠨ᠎ᠤ ᠲᠠᠮᠢᠷ᠎ᠤᠨ ᠴᠤᠭ᠍ᠯᠠᠭᠠᠨ᠎ᠤ ᠠᠭᠤᠷ ᠠᠮᠢᠰᠭᠤᠯ᠎ᠢ ᠨᠡᠩᠳᠡ ᠦᠳᠬᠡᠨ ᠵᠤᠵᠠᠭᠠᠨ ᠪᠤᠯᠭᠠᠵᠤ᠂ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠣᠯᠠᠨ ᠲᠦᠮᠡᠨ ᠳᠥᠷᠪᠡᠨ ᠵᠢᠯ᠎ᠳᠦ ᠨᠢᠭᠡ ᠤᠳᠠᠭ᠎ᠠ ᠶᠠᠪᠤᠭ᠍ᠳᠠᠬᠤ ᠡᠨᠡᠬᠦ ᠦᠪᠡᠳᠡᠭ᠌ᠰᠢ ᠴᠤᠭ᠍ᠯᠠᠭᠠᠨᠵᠢᠡᠨ ᠬᠦᠰᠡᠨ ᠪᠠᠷᠠᠯᠠᠨ᠎ᠠ᠃

ᠲᠤᠰ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠳᠤ ᠨᠡᠢ᠌ᠲᠡ 44 ᠶᠡᠬᠡ ᠲᠦᠷᠦᠯ ᠵᠦᠢᠯ 1232 ᠪᠠᠭ᠎ᠠ ᠲᠦᠷᠦᠯ ᠵᠦᠢᠯ᠎ᠢ᠋ ᠲᠤᠬᠢᠷᠠᠭᠤᠯᠵᠤ᠂ 1.5 ᠲᠦᠮᠡ ᠱᠢᠬᠠᠮ ᠲᠠᠮᠢᠷᠴᠢᠨ ᠤᠷᠤᠯᠴᠠᠬᠤ ᠪᠤᠯᠤᠨ᠎ᠠ᠃ ᠵᠢᠵᠢᠭ ᠰᠠᠭ᠍ᠰᠤᠨ ᠪᠥᠮᠪᠥᠭᠡ ᠵᠢᠨ ᠤᠷᠤᠯᠳᠤᠭᠠᠨ᠂ ᠭᠤᠷᠪᠠᠨ ᠬᠥᠮᠦᠨ᠎ᠦ ᠰᠠᠭ᠍ᠰᠤᠨ ᠪᠥᠮᠪᠥᠭᠡ ᠶ᠋ᠢᠨ ᠤᠷᠤᠯᠳᠤᠭᠠᠨ᠎ᠢ ᠠᠩᠬ᠎ᠠ ᠲᠤᠬᠢᠷᠠᠭᠤᠯᠵᠤ᠂ ᠰᠠᠭ᠍ᠰᠤᠨ ᠪᠥᠮᠪᠥᠭᠡ ᠶ᠋ᠢᠨ ᠬᠥᠳᠡᠯᠭᠡᠭᠡᠨ᠎ᠳᠦ ᠣᠷᠣᠯᠴᠠᠬᠤ ᠬᠡᠪᠴᠢᠶ᠎ᠡ ᠶ᠋ᠢ ᠥᠷᠭᠡᠳᠭᠡᠵᠦ᠍᠂ ᠤᠷᠤᠯᠳᠤᠭᠠᠨ᠎ᠤ ᠰᠣᠨᠢᠷᠬᠠᠯᠲᠤ ᠴᠢᠨᠠᠷ᠎ᠢ ᠶᠡᠬᠡ ᠪᠡᠷ ᠳᠡᠭᠡᠭ᠌ᠰᠢᠯᠡᠭᠦᠯᠪᠡ; ᠬᠦᠨᠳᠦ ᠡᠷᠭᠦᠯᠳᠡ ᠵᠢᠨ ᠤᠷᠤᠯᠳᠤᠭᠠᠨ᠎ᠤ ᠳᠤᠮᠳᠠ᠂ ᠤᠷᠤᠯᠳᠤᠭᠠᠨ᠎ᠤ ᠰᠢᠨ᠎ᠡ ᠲᠡᠮᠳᠡᠭ᠌ᠯᠡᠯ᠎ᠢ ᠠᠬᠢᠨ ᠳᠠᠬᠢᠨ ᠡᠭᠦᠳᠴᠦ᠂ ᠥᠪᠡᠷᠲᠡᠭᠡᠨ ᠵᠠᠰᠠᠬᠤ ᠣᠷᠣᠨ᠎ᠤ ᠬᠦᠨᠳᠦ᠍ᠡᠷᠭᠦᠯᠲᠡ ᠵᠢᠨ ᠲᠥᠷᠥᠯ ᠵᠦᠢᠯ᠎ᠦᠨ ᠬᠥᠭ᠌ᠵᠢᠯᠲᠡ᠎ᠶ᠋ᠢᠨ ᠰᠠᠢᠨ ᠰᠠᠢᠬᠠᠨ ᠪᠠᠢᠳᠠᠯ᠎ᠢ ᠢᠯᠡᠷᠡᠭᠦᠯᠪᠡ; ᠬᠤᠷᠳᠤᠨ ᠮᠣᠷᠢᠨ᠎ᠤ ᠤᠷᠤᠯᠳᠤᠭᠠᠨ᠎ᠢ ᠮᠣᠷᠢᠨ ᠮᠡᠷᠭᠡᠵᠢᠯ᠎ᠦᠨ ᠤᠷᠤᠯᠳᠤᠭᠠᠨ᠎ᠤ ᠲᠥᠷᠥᠯ ᠵᠦᠶ᠋ᠯ᠎ᠳᠦ ᠣᠷᠣᠭᠤᠯᠵᠤ᠂ ᠬᠤᠷᠳᠤᠴᠠ᠎ᠶ᠋ᠢᠨ ᠮᠦᠷᠦᠢᠴᠡᠭᠡᠨ ᠬᠢᠭᠡᠳ ᠰᠠᠭᠠᠳ ᠳᠠᠪᠠᠯᠲᠠ ᠵᠢᠨ ᠭᠤᠢᠳᠠ ᠬᠥᠳᠡᠯᠭᠡᠭᠡᠨ ᠨᠢ ᠤᠷᠤᠯᠳᠤᠭᠠᠨ᠎ᠢ ᠨᠡᠩ ᠢᠯᠡᠭᠦᠦ ᠦᠵᠡᠮᠦᠷᠢ ᠲᠠᠢ ᠪᠤᠯᠭᠠᠵᠠᠢ ᠁ ᠡᠪᠦᠯ᠎ᠦᠨ ᠤᠯᠠᠷᠢᠯ᠎ᠤᠨ ᠤᠷᠤᠯᠳᠤᠭᠠᠨ᠎ᠤ ᠲᠥᠷᠥᠯ ᠵᠦᠶ᠋ᠯ 3 ᠰᠠᠷ᠎ᠠ ᠵᠢᠨ 16᠎ᠤ᠋ ᠡᠳᠦᠷ ᠪᠤᠯᠳᠠᠯ᠎ᠠ ᠶᠠᠪᠤᠭᠳᠠᠵᠤ᠂ ᠵᠣᠨ᠎ᠤ ᠤᠯᠠᠷᠢᠯ᠎ᠤᠨ ᠤᠷᠤᠯᠳᠤᠭᠠᠨ᠎ᠤ ᠲᠥᠷᠥᠯ ᠵᠦᠶ᠋ᠯ 5 ᠰᠠᠷ᠎ᠠ᠎ᠶ᠋ᠢᠨ 4᠎ᠤ᠋ ᠡᠳᠦᠷ᠎ᠡᠴᠡ ᠡᠬᠢᠯᠡᠨ ᠵᠠᠯᠭᠠᠭ᠎ᠠ ᠪᠡᠷ ᠶᠠᠪᠤᠭᠳᠠᠵᠤ᠂ 7 ᠰᠠᠷ᠎ᠠ᠎ᠶ᠋ᠢᠨ ᠳᠤᠮᠳᠠᠴᠢ ᠪᠣᠯᠲᠠᠯ᠎ᠠ᠂ ᠣᠯᠠᠨ ᠲᠦᠮᠡᠨᠴᠢ ᠳᠤᠭᠤᠢᠯᠠᠩ᠎ᠤᠨ 9 ᠤᠷᠤᠯᠳᠤᠭᠠᠨ᠎ᠤ ᠲᠦᠷᠦᠯ᠎ᠤᠨ 42 ᠤᠷᠤᠯᠳᠤᠭᠠᠨ᠎ᠤ ᠵᠦᠢᠯ᠎ᠢ ᠶᠠᠪᠤᠭᠳᠠᠭᠤᠯᠵᠤ᠂ ᠠᠢᠮᠠᠭ ᠬᠣᠲᠠ᠎ᠶ᠋ᠢᠨ ᠳᠤᠭᠤᠢᠯᠠᠩ᠎ᠤᠨ 7 ᠤᠷᠤᠯᠳᠤᠭᠠᠨ᠎ᠤ ᠲᠦᠷᠦᠯ᠎ᠤᠨ 209 ᠤᠷᠤᠯᠳᠤᠭᠠᠨ᠎ᠤ ᠵᠦᠢᠯ᠎ᠢ ᠳᠠᠭᠤᠰᠬᠠᠵᠤ᠂ ᠬᠥᠯᠥᠨ ᠪᠣᠢᠷ ᠬᠣᠲᠠ᠂ ᠣᠷᠳᠣᠰ ᠬᠣᠲᠠ᠂ ᠬᠥᠬᠡᠬᠣᠲᠠ ᠣᠳᠣᠬᠠᠨ᠎ᠳᠤ ᠠᠢᠮᠠᠭ ᠬᠣᠲᠠ᠎ᠶ᠋ᠢᠨ ᠳᠤᠭᠤᠢᠯᠠᠩ᠎ᠤᠨ ᠠᠯᠲᠠᠨ ᠮᠧᠳᠠᠯ ᠤᠯᠤᠭᠰᠠᠨ ᠲᠤᠭᠠᠨ᠎ᠤ ᠡᠮᠦᠨ᠎ᠡ ᠭᠤᠷᠪᠠ᠎ᠳᠤ ᠵᠢᠭ᠍ᠰᠠᠭᠠᠭ᠍ᠳᠠᠵᠤ ᠪᠠᠢᠨ᠎ᠠ᠃
ᠤᠷᠤᠯᠳᠤᠭᠠᠨ᠎ᠤ ᠠᠮᠤᠷ ᠲᠦᠪᠱᠢᠨ ᠪᠦᠭᠡᠳ ᠡᠮᠬᠢ ᠵᠢᠷᠤᠮ ᠲᠠᠶ ᠶᠠᠪᠤᠭ᠍ᠳᠠᠬᠤ᠎ᠶ᠋ᠢ ᠪᠠᠲᠤᠯᠠᠬᠤ᠎ᠶ᠋ᠢᠨ ᠲᠦᠯᠦᠭᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠣᠷᠳᠣᠰ ᠬᠣᠲᠠ᠎ᠶ᠋ᠢᠨ ᠪᠡᠯᠡᠳᠭᠡᠯ ᠠᠵᠢᠯ᠎ᠤᠨ ᠺᠣᠮᠢᠰ ᠣᠲᠣ᠎ᠶ᠋ᠢᠨ ᠪᠠᠢᠭ᠎ᠠ ᠲᠠᠯᠠᠪᠠᠶ ᠣᠷᠳᠣᠨ᠎ᠤ ᠡᠬᠢ ᠪᠠᠶᠠᠯᠢᠭᠵᠢᠡᠨ ᠭᠦᠶ᠋ᠴᠡᠳ ᠠᠱᠢᠭ᠍ᠯᠠᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠵᠣᠨ᠎ᠤ ᠤᠯᠠᠷᠢᠯ᠎ᠤᠨ ᠤᠷᠤᠯᠳᠤᠭᠠᠨ᠎ᠤ ᠲᠥᠷᠥᠯ ᠵᠦᠶ᠋ᠯ᠎ᠢ ᠬᠢᠶ᠎ᠠ ᠪᠠᠭ᠍ᠰᠢ ᠲᠣᠭᠣᠷᠢᠭ᠂ ᠵᠡᠭᠦᠨᠭᠠᠷ ᠬᠣᠱᠢᠭᠤ ᠪᠣᠯᠤᠨ ᠡᠵᠡᠨ ᠬᠣᠷᠣᠭ᠎ᠠ ᠬᠣᠱᠢᠭᠤᠨ᠎ᠤ 3 ᠤᠷᠤᠯᠳᠤᠭᠠᠨ᠎ᠤ ᠲᠣᠭᠣᠷᠢᠭ᠎ᠤᠨ 16 ᠲᠠᠯᠠᠪᠤᠷ ᠤᠷᠳᠤᠨ᠎ᠳᠤ ᠲᠣᠬᠢᠷᠠᠭᠤᠯᠪᠠ᠃ ᠣᠳᠣᠬᠠᠨ᠎ᠳᠤ᠂ ᠲᠠᠯᠠᠪᠤᠷ ᠣᠷᠳᠣᠨ᠎ᠢ ᠰᠡᠯᠪᠢᠨ ᠵᠠᠰᠠᠵᠤ ᠥᠭᠡᠷᠡᠴᠢᠯᠡᠨ ᠪᠠᠢᠭᠤᠯᠬᠤ ᠡᠭᠦᠷᠭᠡ᠎ᠶ᠋ᠢ ᠨᠢᠭᠡᠨᠲᠡ ᠪᠦᠬᠦᠨ᠎ᠢ ᠪᠡᠶᠡᠯᠡᠭᠦᠯᠵᠦ᠍᠂ ᠬᠣᠯᠪᠣᠭ᠍ᠳᠠᠯ ᠪᠦᠬᠦᠢ ᠲᠥᠬᠥᠭᠡᠷᠦᠮᠵᠢ᠎ᠶ᠋ᠢ ᠲᠤᠬᠢᠷᠠᠭᠤᠯᠤᠭᠰᠠᠨ ᠪᠠ ᠲᠤᠷᠰᠢᠨ ᠦᠵᠡᠵᠦ᠂ ᠪᠤᠢ ᠪᠦᠬᠦᠢ ᠤᠷᠤᠯᠳᠤᠭᠠᠨ᠎ᠤ ᠲᠠᠯᠠᠪᠤᠷ ᠨᠢ ᠤᠷᠤᠯᠳᠤᠭᠠᠨ ᠬᠢᠬᠦ ᠨᠥᠬᠥᠴᠡᠯ᠎ᠢ ᠪᠦᠷᠢᠯᠳᠦᠭᠦᠯᠪᠡ᠃ ᠡᠭᠦᠨ᠎ᠦ ᠬᠠᠮᠲᠤ᠂ ᠣᠶᠤᠨᠴᠢ ᠪᠠᠷ ᠤᠷᠤᠯᠳᠤᠭᠠᠨ ᠡᠷᠭᠢᠯᠡᠬᠦ᠌᠂ ᠣᠶᠤᠨᠴᠢ ᠪᠠᠷ ᠤᠷᠤᠯᠳᠤᠭᠠᠨ᠎ᠳᠤ ᠣᠷᠣᠯᠴᠠᠬᠤ᠂ ᠣᠶᠤᠨᠴᠢ᠎ᠪᠠᠷ ᠤᠷᠤᠯᠳᠤᠭᠠᠨ ᠰᠣᠨᠢᠷᠬᠠᠬᠤ ᠬᠠᠷᠠᠯᠳᠠ ᠵᠢ ᠪᠡᠶᠡᠯᠡᠬᠦᠯᠬᠦ ᠲᠤᠭᠤᠷᠢᠨ ᠳ᠋ᠤ᠂ 《ᠣᠶᠤᠨᠴᠢ ᠬᠠᠮᠢᠶᠠᠷᠤᠯᠲᠠ᠎ᠶ᠋ᠢᠨ ᠲᠠᠪᠴᠠᠩ》᠎ᠢ᠋ ᠨᠡᠭᠡᠭᠡᠨ ᠬᠥᠭ᠌ᠵᠢᠭᠦᠯᠵᠦ᠍᠂ ᠤᠷᠤᠯᠳᠤᠭᠠᠨ᠎ᠳᠤ ᠣᠳᠣᠬᠢᠴᠢᠯᠠᠭ᠍ᠰᠠᠨ᠂ ᠣᠶᠤᠨᠴᠢᠯᠠᠭ᠍ᠰᠠᠨ᠂ ᠬᠥᠮᠦᠨᠴᠢᠯᠡᠭ᠌ᠰᠡᠨ ᠦᠶ᠋ᠯᠡᠴᠢᠯᠡᠭᠡᠨ᠎ᠦ ᠳᠡᠮᠵᠢᠯᠭᠡ ᠬᠠᠩᠭᠠᠪᠠ᠃ ᠤᠷᠤᠯᠳᠤᠭᠠᠨ᠎ᠤ ᠠᠮᠤᠷ ᠲᠦᠪᠱᠢᠨ᠎ᠦ ᠬᠠᠮᠠᠭᠠᠯᠠᠯᠲᠠ᠎ᠶ᠋ᠢᠨ ᠲᠠᠯ᠎ᠠ᠎ᠪᠠᠷ ᠨᠠᠷᠢᠯᠢᠭ ᠲᠣᠳᠣᠷᠬᠠᠶ ᠲᠥᠰᠦᠯ ᠲᠣᠭ᠍ᠲᠠᠭᠠᠵᠤ᠂ ᠲᠠᠰ ᠳᠠᠪᠬᠤᠷᠭ᠎ᠠ ᠬᠤᠪᠢᠶᠠᠨ ᠰᠣᠷᠢᠯᠲᠠ ᠬᠢᠵᠦ᠍᠂ ᠦᠶ᠋ᠯᠡᠳᠦᠯᠭᠡ ᠶ᠋ᠢᠨ ᠳᠤᠮᠳᠠ ᠠᠷᠭ᠎ᠠ ᠬᠡᠮᠵᠢᠶ᠎ᠡ ᠪᠡᠨ ᠴᠢᠩᠭᠠᠳᠭᠠᠨ ᠲᠥᠰᠦᠯ᠎ᠢᠶᠡᠨ ᠲᠡᠭᠦᠯᠳᠡᠷᠵᠢᠭᠦᠯᠵᠦ᠍᠂ ᠤᠷᠤᠯᠳᠤᠭᠠᠨ᠎ᠳᠤ ᠨᠠᠩ ᠰᠠᠢᠲᠤᠷ ᠦᠶ᠋ᠯᠡᠴᠢᠯᠡᠬᠦ᠌᠎ᠶ᠋ᠢ ᠦᠨᠡᠨ ᠬᠦ᠌ ᠪᠠᠲᠤᠯᠠᠵᠤ ᠪᠠᠢᠨ᠎ᠠ᠃
ᠤᠷᠤᠯᠳᠤᠭᠠᠨ᠎ᠤ ᠲᠣᠮᠣ ᠬᠡᠯᠪᠡᠷᠢ᠎ᠶ᠋ᠢᠨ ᠠᠵᠢᠯᠯᠠᠭ᠎ᠠ ᠨᠤᠭᠤᠳ ᠪᠤᠯ ᠥᠪᠡᠷᠲᠡᠭᠡᠨ ᠵᠠᠰᠠᠬᠤ ᠣᠷᠣᠨ᠎ᠤ ᠲᠠᠮᠢᠷ᠎ᠤᠨ ᠴᠤᠭ᠍ᠯᠠᠭᠠᠨ᠎ᠤ᠋ ᠤᠯᠠᠨ᠎ᠤ ᠠᠩᠬᠠᠷᠤᠯ᠎ᠢ ᠲᠠᠳᠠᠭᠰᠠᠨ ᠬᠢᠯᠠᠰ ᠴᠡᠭ᠎ᠤᠳ ᠪᠣᠯᠤᠨ᠎ᠠ᠃ ᠲᠣᠰ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠲᠣᠮᠣ ᠬᠡᠯᠪᠡᠷᠢ᠎ᠶ᠋ᠢᠨ ᠠᠵᠢᠯᠯᠠᠭ᠎ᠠ᠎ᠳᠤ ᠭᠠᠯ ᠪᠠᠮᠪᠠᠷ ᠳᠠᠮᠵᠢᠭᠤᠯᠬᠤ᠂ ᠡᠬᠢᠯᠡᠯᠲᠡ᠎ᠶ᠋ᠢᠨ ᠶᠣᠰᠣᠯᠠᠯ᠂ ᠲᠡᠭᠦᠰᠭᠦ ᠶᠣᠰᠣᠯᠠᠯ ᠵᠡᠷᠭᠡ 3 ᠵᠦᠶ᠋ᠯ᠎ᠢ ᠪᠠᠭᠲᠠᠭᠠᠵᠤ᠂ ᠭᠠᠯ ᠪᠠᠮᠪᠠᠷ ᠳᠠᠮᠵᠢᠭᠤᠯᠬᠤ ᠠᠵᠢᠯᠯᠠᠭ᠎ᠠ᠎ᠶ᠋ᠢ ᠪᠦᠬᠦ᠌ ᠣᠷᠣᠨ᠎ᠤ ᠡᠯ᠎ᠡ ᠠᠢᠮᠠᠭ ᠬᠣᠲᠠ ᠪᠣᠯᠤᠨ ᠣᠷᠳᠣᠰ ᠬᠣᠲᠠ᠎ᠶ᠋ᠢᠨ ᠡᠯ᠎ᠡ ᠬᠣᠱᠢᠭᠤ ᠲᠣᠭᠣᠷᠢᠭ ᠵᠡᠷᠭᠡ᠎ᠳᠤ ᠨᠡᠢᠲᠡ 20 ᠥᠷᠲᠡᠭᠡ ᠲᠤᠬᠢᠷᠠᠭᠤᠯᠤᠨ ᠳᠠᠮᠵᠢᠭᠤᠯᠵᠤ᠂ ᠣᠳᠣᠬᠠᠨ᠎ᠳᠤ᠂ ᠠᠯᠠᠱᠠ ᠠᠢᠮᠠᠭ᠂ ᠦᠬᠠᠶ ᠬᠣᠲᠠ᠂ ᠬᠥᠬᠡᠬᠣᠲᠠ ᠵᠡᠷᠭᠡ 9 ᠥᠷᠲᠡᠭᠡ᠎ᠶ᠋ᠢᠨ ᠳᠠᠮᠵᠢᠭᠤᠯᠭ᠎ᠠ ᠳᠠᠭᠤᠰᠴᠤ᠌᠂ 8 ᠰᠠᠷ᠎ᠠ᠎ᠶ᠋ᠢᠨ 8᠎ᠤ᠋ ᠣᠷᠣᠶ᠂ ᠭᠠᠯ ᠪᠠᠮᠪᠠᠷ᠎ᠢ ᠡᠬᠢᠯᠡᠯᠲᠡ᠎ᠶ᠋ᠢᠨ ᠶᠣᠰᠣᠯᠠᠯ᠎ᠤᠨ ᠭᠤᠤᠯ ᠬᠤᠷᠠᠯ᠎ᠤᠨ ᠲᠠᠯᠠᠪᠠᠶ᠎ᠳᠤ ᠬᠦᠷᠭᠡᠬᠦ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ᠎ᠨᠢ 《ᠦᠵᠡᠰᠭᠦᠯᠡᠩᠲᠦ ᠰᠠᠢᠬᠠᠨ ᠤᠮᠠᠷᠠᠲᠤ ᠬᠢᠯᠢ ᠤᠷᠳᠤᠰ ᠬᠤᠲᠠᠨ ᠳ᠋ᠡᠬᠢ ᠪᠤᠯᠵᠤᠭ᠎ᠠ》 ᠪᠠᠷ ᠭᠤᠤᠯ ᠰᠡᠳᠦᠪ ᠪᠣᠯᠭᠠᠵᠤ᠂ ᠶᠡᠬᠡ ᠳᠡᠭᠡᠳᠦ ᠰᠤᠷᠭᠠᠭᠤᠯᠢ᠂ ᠤᠯᠠᠭᠠᠨᠮᠥ᠋ᠴᠢᠷ᠎ᠡᠴᠡ ᠢᠷᠡᠭ᠌ᠰᠡᠨ 3000 ᠱᠢᠬᠠᠮ ᠣᠯᠠᠨ ᠲᠦᠮᠡᠨ ᠲᠣᠭ᠍ᠯᠠᠭ᠍ᠴᠢ ᠲᠣᠭ᠍ᠯᠠᠯᠲᠠ᠎ᠳᠤ ᠣᠷᠣᠯᠴᠠᠨ᠎ᠠ᠃ 8 ᠰᠠᠷ᠎ᠠ᠎ᠶ᠋ᠢᠨ 6᠎ᠤ᠋ ᠡᠳᠦᠷ᠂ ᠡᠬᠢᠯᠡᠯᠳᠡ ᠵᠢᠨ ᠶᠤᠰᠤᠯᠠᠯ᠎ᠤᠨ ᠪᠦᠬᠦ ᠲᠠᠯ᠎ᠠ ᠵᠢᠨ ᠪᠡᠯᠡᠳᠭᠡᠯ ᠰᠣᠷᠢᠯᠲᠠ ᠬᠢᠬᠦ᠌᠎ᠪᠡᠷ ᠲᠥᠯᠥᠪᠯᠡᠵᠦ᠍ ᠪᠣᠶ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠲᠡᠭᠦᠰᠭᠦ ᠶᠣᠰᠣᠯᠠᠯ 8 ᠰᠠᠷ᠎ᠠ᠎ᠶ᠋ᠢᠨ 16᠎ᠤ᠋ ᠣᠷᠣᠶ ᠶᠠᠪᠤᠭ᠍ᠳᠠᠵᠤ᠂ 400 ᠣᠯᠠᠨ ᠲᠦᠮᠡᠨ ᠲᠣᠭ᠍ᠯᠠᠭ᠍ᠴᠢ ᠤᠷᠤᠯᠴᠠᠬᠤ ᠪᠤᠯᠤᠨ᠎ᠠ᠃
ᠲᠣᠰ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠬᠤᠭᠤᠴᠠᠭᠠᠨ᠎ᠳᠤ᠂ ᠪᠥᠬᠥ᠌ ᠣᠷᠣᠨ᠎ᠤ ᠡᠯ᠎ᠡ ᠠᠢᠮᠠᠭ ᠬᠣᠲᠠ ᠵᠢᠨ ᠲᠠᠮᠢᠷᠴᠢᠳ᠂ ᠳᠠᠰᠬᠠᠯᠵᠢᠭᠤᠯᠤᠭᠴᠢ ᠨᠠᠷ ᠲᠸ᠋ ᠨᠢᠭᠡ ᠥᠷᠲᠡᠭᠡᠴᠢᠯᠡᠭᠰᠡᠨ ᠮᠠᠶᠢᠭ᠎ᠤᠨ ᠦᠶ᠋ᠯᠡᠴᠢᠯᠡᠭᠡ ᠬᠠᠩᠭᠠᠨ᠎ᠠ᠃ ᠭᠥᠯᠢᠶᠡᠨ ᠠᠪᠴᠤ ᠵᠤᠴᠢᠯᠠᠬᠤ ᠠᠵᠢᠯ᠎ᠢ ᠰᠠᠢᠲᠤᠷ ᠬᠢᠬᠦ᠌᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠣᠷᠳᠣᠰ ᠬᠣᠲᠠ᠎ᠶ᠋ᠢᠨ ᠪᠡᠯᠡᠳᠭᠡᠯ ᠠᠵᠢᠯ᠎ᠤᠨ ᠺᠣᠮᠢᠰ᠎ᠠᠴᠠ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ ᠬᠢᠨᠢ ᠵᠤᠬᠢᠶᠠᠨ ᠪᠠᠢᠭᠤᠯᠤᠨ 11 ᠲᠥᠯᠥᠭᠡᠯᠡᠭ᠌ᠴᠢᠳ᠎ᠦᠨ ᠪᠦᠯᠬᠦᠮ ᠪᠠ ᠡᠷᠬᠢᠨ ᠲᠣᠭᠣᠷᠢᠨ᠎ᠤ ᠬᠣᠲᠠ᠎ᠶ᠋ᠢᠨ ᠬᠦᠨᠳᠦᠲᠦ ᠵᠣᠴᠢᠨ ᠯᠤᠭ᠎ᠠ ᠵᠤᠯᠭᠠᠭᠤᠯᠬᠤ ᠵᠢᠨ ᠬᠠᠮᠲᠤ᠂ 1731 ᠰᠠᠢᠨ ᠳᠤᠷ᠎ᠠ᠎ᠶ᠋ᠢᠨ ᠠᠵᠢᠯᠲᠠᠨ ᠡᠯᠰᠡᠵᠦ᠍᠂ ᠤᠷᠤᠯᠳᠤᠭᠠᠨ᠎ᠳᠤ ᠵᠥᠪᠯᠡᠯᠭᠡ ᠥᠭ᠌ᠬᠦ᠂ ᠬᠥᠲᠥᠯᠥᠨ ᠳᠠᠭᠠᠭᠤᠯᠬᠤ᠂ ᠬᠣᠯᠪᠣᠭ᠎ᠠ ᠠᠪᠬᠤ ᠵᠡᠷᠭᠡ ᠦᠶ᠋ᠯᠡᠴᠢᠯᠡᠭᠡ ᠬᠠᠩᠭᠠᠬᠤ ᠪᠤᠯᠤᠨ᠎ᠠ᠃ ᠤᠷᠤᠯᠳᠤᠭᠠᠨ᠎ᠳᠤ ᠤᠷᠤᠯᠴᠠᠬᠤ ᠲᠠᠮᠢᠷᠴᠢᠨ᠂ ᠳᠠᠰᠭᠠᠯᠵᠢᠭᠤᠯᠤᠭ᠍ᠴᠢ ᠨᠠᠷ᠎ᠢ ᠲᠠᠮᠢᠷᠴᠢᠳ᠎ᠤᠨ ᠲᠣᠰᠭᠣᠨ᠎ᠳᠤ ᠲᠥᠪᠯᠡᠷᠡᠭᠦᠯᠦᠨ ᠲᠤᠬᠢᠷᠠᠭᠤᠯᠵᠤ᠂ ᠤᠷᠤᠯᠳᠤᠭᠠᠨ᠎ᠤ ᠬᠤᠭᠤᠴᠠᠭᠠᠨ᠎ᠳᠤ᠂ ᠲᠠᠮᠢᠷᠴᠢᠳ᠎ᠤᠨ ᠲᠣᠰᠭᠣᠨ᠎ᠤ ᠬᠣᠭᠣᠷᠣᠨᠳᠣ ᠲᠡᠷᠭᠡ ᠨᠡᠪᠲᠡᠷᠡᠭᠦᠯᠵᠦ᠍᠂ ᠲᠠᠮᠢᠷᠴᠢᠳ᠎ᠤᠨ ᠲᠣᠰᠭᠣᠨ᠎ᠠᠴᠠ ᠡᠯ᠎ᠡ ᠤᠷᠤᠯᠳᠤᠭᠠᠨ᠎ᠤ ᠲᠠᠯᠠᠪᠤᠷ ᠣᠷᠳᠣᠨ ᠬᠦᠷᠲᠡᠯᠡᠬᠢ ᠴᠠᠬᠢᠯᠭᠠᠨ ᠬᠥᠳᠡᠯᠭᠡᠭᠦᠷᠲᠦ ᠨᠡᠢᠲᠡ᠎ᠶ᠋ᠢᠨ ᠮᠠᠱᠢᠨ ᠲᠡᠷᠭᠡᠨ᠎ᠦ 10 ᠵᠤᠷᠪᠤᠰ ᠲᠤᠰᠭᠠᠶ ᠱᠤᠭᠤᠮ ᠭᠠᠷᠭᠠᠵᠤ᠂ ᠵᠠᠮ ᠬᠠᠷᠢᠯᠴᠠᠭ᠎ᠠ ᠳᠥᠭᠥᠮ ᠳᠥᠲᠡ ᠪᠠᠢᠬᠤ᠎ᠶ᠋ᠢ ᠦᠨᠡᠨᠬᠦ ᠪᠠᠲᠤᠯᠠᠬᠤ ᠪᠤᠯᠤᠨ᠎ᠠ᠃
8 ᠰᠠᠷ᠎ᠠ᠎ᠶ᠋ᠢᠨ 8 ᠤ᠋ ᠡᠳᠦᠷ ᠣᠷᠳᠣᠰᠬᠤᠲᠠᠨᠠ ᠬᠠᠮᠲᠤ᠎ᠪᠠᠷ ᠪᠣᠯᠵᠣᠵᠤ᠂ ᠦᠪᠡᠳᠡᠭ᠌ᠰᠢ ᠴᠤᠭᠯᠠᠭᠠᠨ ᠵᠢᠡᠨ ᠬᠠᠮᠲᠤ ᠪᠡᠷ ᠰᠤᠨᠢᠷᠬᠠᠰᠤᠭᠠᠢ!
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃