ᠰᠣᠶᠣᠯ ᠤᠷᠠᠯᠢᠭ > ᠠᠷᠪᠠᠨ ᠲᠠᠪᠤᠳᠤᠭᠠᠷ ᠬᠤᠭᠤᠴᠠᠭᠠᠨ᠎ᠤ᠋ ᠲᠠᠮᠢᠷ᠎ᠤ᠋ᠨ ᠴᠤᠭᠯᠠᠭᠠᠨ

2023-07-31 19:17:52

ᠵᠣᠬᠢᠶᠠᠭ᠍ᠴᠢ᠄ ᠴᠠᠢ ᠰᠧ ᠶᠤᠸᠠᠨ ᠣᠩᠱᠢᠭ᠍ᠰᠠᠨ ᠣᠳᠠᠭ᠎ᠠ᠄ 3

ᠪᠤᠭᠤᠲᠤ ᠬᠣᠲᠠ ᠎ᠶ᠋ᠢᠨ ᠲᠥᠯᠥᠭᠡᠯᠡᠭ᠌ᠴᠢᠳ ᠎ᠦᠨ ᠠᠩᠭᠢ ᠡᠷᠡᠭ᠌ᠲᠡᠶ ᠡᠮᠡᠭ᠌ᠲᠡᠶ ᠎ᠶ᠋ᠢᠨ ᠬᠥᠬᠡ ᠳᠤᠭᠤᠢᠯᠠᠩ ᠎ᠤᠨ ᠮᠠᠩᠯᠠᠶ ᠰᠢᠬᠦᠷᠴᠡᠢ

7 ᠰᠠᠷ᠎ᠠ ᠎ᠶ᠋ᠢᠨ 26 ᠎ᠤ᠋ ᠡᠳᠦᠷ᠂ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ ᠠᠷᠪᠠᠨ ᠲᠠᠪᠤᠳᠤᠭᠠᠷ ᠬᠤᠭᠤᠴᠠᠭᠠᠨ ᠎ᠤ ᠲᠠᠮᠢᠷ ᠎ᠤᠨ ᠴᠤᠭ᠍ᠯᠠᠭᠠᠨ ᠎ᠤ ᠰᠠᠭ᠍ᠰᠤᠨ ᠪᠥᠮᠪᠥᠭᠡ ᠎ᠶ᠋ᠢᠨ ᠲᠦᠷᠦᠯ ᠵᠦᠢᠯ ᠎ᠦᠨ ᠠᠢᠮᠠᠭ ᠬᠤᠳᠠ ᠎ᠶ᠋ᠢᠨ ᠳᠤᠭᠤᠢᠯᠠᠩ ᠎ᠤᠨ ᠤᠷᠤᠯᠳᠤᠭᠠᠨ ᠦᠨᠳᠦᠷᠯᠡᠪᠡ᠃

ᠤᠷᠤᠯᠳᠤᠭᠠᠨ ᠨᠢ 8 ᠡᠳᠦᠷ ᠶᠠᠪᠤᠭ᠍ᠳᠠᠵᠤ᠂ ᠳᠤᠮᠳᠠᠳᠤ ᠤᠯᠤᠰ ᠎ᠤᠨ ᠰᠠᠭ᠍ᠰᠤᠨ ᠪᠥᠮᠪᠥᠭᠡ ᠎ᠶ᠋ᠢᠨ ᠨᠡᠢᠭᠡᠮᠯᠢᠭ ᠎ᠦᠨ ᠬᠠᠮᠤᠭ᠎ᠤᠨ ᠱᠢᠨ᠎ᠡ ᠪᠡᠷ ᠬᠢᠨᠠᠨ ᠲᠣᠭ᠍ᠲᠠᠭᠠᠭ᠍ᠰᠠᠨ《ᠰᠠᠭ᠍ᠰᠤᠨ ᠪᠥᠮᠪᠥᠭᠡ ᠎ᠶ᠋ᠢᠨ ᠤᠷᠤᠯᠳᠤᠭᠠᠨ ᠎ᠤ ᠳᠦᠷᠢᠮ》 ᠎ᠢ᠋ ᠬᠡᠷᠡᠭ᠌ᠯᠡᠵᠦ᠍᠂ ᠨᠢᠭᠡᠳᠦᠭᠡᠷ ᠱᠠᠲᠤᠨ ᠎ᠳᠤ ᠪᠠᠭ᠎ᠠ ᠳᠤᠭᠤᠢᠯᠠᠩ ᠎ᠤᠨ ᠳᠠᠩ ᠡᠷᠭᠢᠯᠲᠡ ᠎ᠶ᠋ᠢᠨ ᠤᠷᠤᠯᠳᠤᠭᠠᠨ ᠶᠠᠪᠤᠬᠳᠠᠭᠤᠯᠵᠤ᠂ ᠬᠣᠶᠠᠳᠤᠭᠠᠷ ᠱᠠᠲᠤᠨ ᠎ᠳᠤ ᠰᠣᠯᠪᠢᠴᠠᠯ ᠤᠷᠤᠯᠳᠤᠭᠠᠨ ᠎ᠢᠶᠠᠷ ᠳᠠᠮᠵᠢᠨ ᠨᠡᠷᠡᠰ ᠎ᠦᠨ ᠳᠠᠷᠠᠭᠠᠯᠠᠯ ᠎ᠢ ᠲᠤᠭᠲᠠᠭᠠᠪᠠ᠃ 10 ᠠᠢᠮᠠᠭ ᠬᠣᠲᠠ ᠎ᠠᠴᠠ ᠬᠦᠷᠦᠯᠴᠡᠨ ᠢᠷᠡᠭ᠌ᠰᠡᠨ 24 ᠤᠷᠤᠯᠳᠤᠭᠠᠨ᠎ᠤ ᠠᠩᠬᠢ ᠵᠢᠨ ᠬᠢᠨ ᠵᠣᠷᠢᠭ᠍ᠲᠠᠶ ᠎ᠪᠠᠷ ᠲᠡᠮᠡᠴᠡᠵᠦ᠍᠂ ᠬᠠᠷᠰᠢ ᠰᠠᠭᠠᠳ ᠎ᠢ ᠢᠯᠠᠨ ᠳᠠᠪᠠᠵᠤ᠂ 90 ᠲᠠᠯᠠᠪᠤᠷ ᠭᠣᠢᠳᠠ ᠰᠠᠢᠬᠠᠨ ᠦᠵᠡᠯᠴᠡᠭᠡᠨ ᠎ᠢ ᠰᠤᠨᠢᠷᠬᠠᠭᠤᠯᠤᠯ᠎ᠠ; ᠪᠦᠬᠦ᠌ ᠬᠢᠨᠠᠭ᠍ᠴᠢ ᠠᠵᠢᠯ ᠎ᠤᠨ ᠪᠠᠢᠷᠢ ᠎ᠪᠠᠨ ᠪᠠᠲᠤ ᠰᠠᠬᠢᠵᠤ᠂ ᠡᠷᠬᠡ ᠲᠡᠭ᠌ᠰᠢ ᠲᠥᠪ ᠭᠣᠣᠯᠴᠢ ᠵᠢ ᠪᠠᠷᠢᠮᠳᠠᠯᠠᠵᠦ᠂ ᠤᠷᠤᠯᠳᠤᠭᠠᠨ ᠎ᠤ ᠤᠷᠤᠭ᠍ᠰᠢᠲᠠᠶ ᠶᠠᠪᠤᠭ᠍ᠳᠠᠬᠤ ᠎ᠶ᠋ᠢ ᠦᠨᠡᠨ ᠬᠦ᠌ ᠪᠠᠲᠤᠯᠠᠪᠠ᠃ ᠤᠷᠤᠯᠳᠤᠭᠠᠨ᠎ᠤ ᠡᠴᠦᠰ ᠎ᠲᠦ᠂ ᠪᠤᠭᠤᠲᠤ ᠬᠣᠲᠠ ᠎ᠶ᠋ᠢᠨ ᠲᠥᠯᠥᠭᠡᠯᠡᠭ᠌ᠴᠢᠳ ᠎ᠦᠨ ᠠᠩᠭᠢ ᠡᠷᠡᠭ᠌ᠲᠡᠶ ᠎ᠶ᠋ᠢᠨ ᠬᠥᠬᠡ ᠳᠤᠭᠤᠢᠯᠠᠩ᠂ ᠡᠮᠡᠭ᠌ᠲᠡᠶ ᠎ᠶ᠋ᠢᠨ ᠬᠥᠬᠡ ᠳᠤᠭᠤᠢᠯᠠᠩ ᠎ᠤᠨ ᠮᠠᠩᠯᠠᠶ ᠰᠢᠬᠦᠷᠴᠤ᠂ ᠣᠷᠳᠣᠰ ᠬᠣᠲᠠ ᠎ᠶ᠋ᠢᠨ ᠲᠥᠯᠥᠭᠡᠯᠡᠭ᠌ᠴᠢᠳ ᠎ᠦᠨ ᠠᠩᠭᠢ ᠡᠷᠡᠭ᠌ᠲᠡᠶ ᠎ᠶ᠋ᠢᠨ ᠬᠥᠬᠡᠭ᠌ᠴᠢᠨ ᠳᠤᠭᠤᠢᠯᠠᠩ᠂ ᠡᠮᠡᠭ᠌ᠲᠡᠶ ᠎ᠶ᠋ᠢᠨ ᠬᠥᠬᠡᠭ᠌ᠴᠢᠨ ᠳᠤᠭᠤᠢᠯᠠᠩ ᠎ᠤᠨ ᠮᠠᠩᠯᠠᠶ ᠰᠢᠬᠦᠷᠴᠡᠢ᠃

ᠲᠤᠰ ᠬᠤᠭᠤᠴᠠᠭᠠᠨ ᠎ᠤ ᠲᠠᠮᠢᠷ ᠎ᠤᠨ ᠴᠤᠭ᠍ᠯᠠᠭᠠᠨ ᠎ᠳᠤ ᠪᠠᠰᠠ ᠠᠩᠬ᠎ᠠ ᠤᠳᠠᠭ᠎ᠠ ᠵᠢᠵᠢᠭ ᠬᠡᠯᠪᠡᠷᠢ ᠵᠢᠨ ᠰᠠᠭ᠍ᠰᠤᠨ ᠪᠥᠮᠪᠥᠭᠡ ᠎ᠶ᠋ᠢᠨ ᠲᠦᠷᠦᠯ ᠵᠦᠢᠯ ᠪᠣᠯᠤᠨ ᠭᠤᠷᠪᠠᠨ ᠬᠥᠮᠦᠨ ᠎ᠦ ᠰᠠᠭ᠍ᠰᠤᠨ ᠪᠥᠮᠪᠥᠭᠡ ᠎ᠶ᠋ᠢᠨ ᠲᠦᠷᠦᠯ ᠵᠦᠢᠯ ᠎ᠢ ᠨᠡᠮᠡᠨ ᠲᠤᠭᠢᠷᠠᠭᠤᠯᠵᠦ᠂ ᠪᠦᠬᠦ᠌ ᠣᠷᠣᠨ ᠎ᠤ 300 ᠱᠢᠬᠠᠮ ᠲᠠᠮᠢᠷᠴᠢᠨ ᠤᠷᠤᠯᠴᠠᠵᠠᠢ᠃ ᠲᠥᠷᠥᠯ ᠵᠦᠶ᠋ᠯ ᠎ᠢ ᠨᠡᠮᠡᠵᠦ᠍ ᠲᠣᠬᠢᠷᠠᠭᠤᠯᠤᠭ᠍ᠰᠠᠨ ᠨᠢ ᠵᠠᠯᠠᠭᠤᠴᠤᠳ ᠪᠠᠭᠠᠴᠤᠳ ᠎ᠤᠨ ᠤᠷᠤᠯᠳᠤᠭᠠᠨ ᠎ᠤ ᠳᠠᠢᠴᠢᠯᠠᠨ ᠳᠠᠭᠠᠭᠤᠯᠬᠤ ᠦᠶ᠋ᠯᠡᠳᠦᠯ ᠎ᠢ ᠭᠦᠶ᠋ᠴᠡᠳ ᠪᠠᠳᠠᠷᠠᠭᠤᠯᠵᠤ᠂ ᠰᠠᠭ᠍ᠰᠤᠨ ᠪᠥᠮᠪᠥᠭᠡ ᠎ᠶ᠋ᠢᠨ ᠬᠥᠳᠡᠯᠭᠡᠭᠡᠨ ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠎ᠶ᠋ᠢ ᠠᠬᠢᠭᠤᠯᠵᠤ᠂ ᠠᠢᠮᠠᠭ ᠬᠣᠲᠠ ᠎ᠶ᠋ᠢᠨ ᠬᠣᠭᠣᠷᠣᠨᠳᠣ ᠲᠠᠮᠢᠷ ᠎ᠤᠨ ᠤᠷᠤᠯᠳᠤᠭᠠᠨ ᠶᠠᠪᠤᠭᠳᠠᠭᠤᠯᠬᠤ᠂ ᠮᠡᠷᠭᠡᠵᠢᠯ ᠎ᠢᠶᠡᠨ ᠰᠣᠯᠢᠯᠴᠠᠬᠤ ᠲᠣᠬᠢᠶᠠᠯ ᠬᠠᠩᠭᠠᠵᠤ᠂ ᠬᠣᠭᠣᠷᠣᠨᠳᠣᠬᠢ ᠰᠣᠯᠢᠯᠴᠠᠭ᠎ᠠ ᠰᠤᠷᠤᠯᠴᠠᠯᠭ᠎ᠠ ᠎ᠶ᠋ᠢ ᠠᠬᠢᠭᠤᠯᠵᠤ᠂ ᠰᠠᠭ᠍ᠰᠤᠨ ᠪᠥᠮᠪᠥᠭᠡ ᠎ᠶ᠋ᠢᠨ ᠲᠥᠷᠥᠯ ᠵᠦᠶ᠋ᠯ ᠎ᠦᠨ ᠬᠣᠢᠱᠢᠳᠠ ᠎ᠶ᠋ᠢᠨ ᠬᠥᠭ᠌ᠵᠢᠯᠲᠡ ᠎ᠳᠦ ᠰᠠᠢᠨ ᠰᠠᠭᠤᠷᠢ ᠲᠠᠯᠪᠢᠬᠤ ᠵᠢ ᠵᠤᠷᠢᠵᠠᠢ᠃

7 ᠰᠠᠷ᠎ᠠ ᠎ᠶ᠋ᠢᠨ 28 ᠎ᠤ᠋ ᠡᠳᠦᠷ᠂ ᠥᠪᠡᠷᠲᠡᠭᠡᠨ ᠵᠠᠰᠠᠬᠤ ᠣᠷᠣᠨ ᠎ᠤ ᠠᠷᠪᠠᠨ ᠲᠠᠪᠤᠳᠤᠭᠠᠷ ᠬᠤᠭᠤᠴᠠᠭᠠᠨ ᠎ᠤ ᠲᠠᠮᠢᠷ ᠎ᠤᠨ ᠴᠤᠭᠯᠠᠭᠠᠨ ᠎ᠤ ᠰᠠᠭ᠍ᠰᠤᠨ ᠪᠥᠮᠪᠥᠭᠡ ᠎ᠶ᠋ᠢᠨ ᠲᠦᠷᠦᠯ ᠵᠦᠢᠯ ᠎ᠤᠨ ᠣᠯᠠᠨ ᠲᠦᠮᠡᠨ ᠎ᠦ ᠳᠤᠭᠤᠢᠯᠠᠩ ᠎ᠤᠨ ᠤᠷᠤᠯᠳᠤᠭᠠᠨ ᠡᠵᠡᠨ ᠬᠣᠷᠣᠭ᠎ᠠ ᠬᠣᠱᠢᠭᠤᠨ ᠎ᠤ ᠪᠥᠬᠥ᠌ ᠠᠷᠠᠳ ᠎ᠤᠨ ᠪᠡᠶ᠎ᠡ ᠴᠢᠭᠢᠷᠠᠭ᠍ᠵᠢᠭᠤᠯᠬᠤ ᠪᠡᠶ᠎ᠡ ᠎ᠶ᠋ᠢᠨ ᠲᠠᠮᠢᠷ ᠎ᠤᠨ ᠬᠥᠳᠡᠯᠭᠡᠭᠡᠨ ᠎ᠦ ᠲᠥᠪ ᠎ᠲᠦ ᠶᠠᠪᠤᠭ᠍ᠳᠠᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面