ᠰᠣᠶᠣᠯ ᠤᠷᠠᠯᠢᠭ > ᠠᠷᠪᠠᠨ ᠲᠠᠪᠤᠳᠤᠭᠠᠷ ᠬᠤᠭᠤᠴᠠᠭᠠᠨ᠎ᠤ᠋ ᠲᠠᠮᠢᠷ᠎ᠤ᠋ᠨ ᠴᠤᠭᠯᠠᠭᠠᠨ

2023-08-11 09:54:40

ᠵᠣᠬᠢᠶᠠᠭ᠍ᠴᠢ᠄ ​ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

ᠣᠢᠷ᠎ᠠ᠎ᠶ᠋ᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠠᠯᠠᠭᠠᠳᠠᠬᠤ ᠪᠥᠮᠪᠥᠭᠡ᠎ᠶ᠋ᠢᠨ ᠤᠷᠤᠯᠳᠤᠭᠠᠨ ᠣᠷᠳᠣᠰ ᠬᠣᠲᠠ᠎ᠶ᠋ᠢᠨ ᠨᠢᠭᠡᠳᠦᠭᠡᠷ ᠳᠤᠮᠳᠠᠳᠤ ᠰᠤᠷᠭᠠᠭᠤᠯᠢ᠎ᠶ᠋ᠢᠨ ᠪᠡᠶ᠎ᠡ᠎ᠶ᠋ᠢᠨ ᠲᠠᠮᠢᠷ᠎ᠤᠨ ᠣᠷᠳᠣᠨ᠎ᠳᠤ ᠢᠳᠡ ᠬᠦᠭ ᠲᠠᠢ ᠶᠠᠪᠤᠭᠳᠠᠵᠦ ᠪᠤᠢ᠃ ᠣᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠠᠯᠠᠭᠠᠳᠠᠬᠤ ᠪᠥᠮᠪᠥᠭᠡ᠎ᠶ᠋ᠢᠨ ᠲᠥᠷᠥᠯ ᠵᠦᠶ᠋ᠯ᠎ᠳᠦ ᠡᠷᠡᠭ᠌ᠲᠡᠶ᠎ᠶ᠋ᠢᠨ ᠬᠥᠬᠡ ᠳᠤᠭᠤᠢᠯᠠᠩ᠂ ᠡᠮᠡᠭ᠌ᠲᠡᠶ᠎ᠶ᠋ᠢᠨ ᠬᠥᠬᠡ ᠳᠤᠭᠤᠢᠯᠠᠩ᠂ ᠡᠷᠡᠭ᠌ᠲᠡᠶ᠎ᠶ᠋ᠢᠨ ᠬᠥᠬᠡᠭ᠌ᠴᠢᠨ ᠳᠤᠭᠤᠢᠯᠠᠩ ᠪᠠ ᠡᠮᠡᠭ᠌ᠲᠡᠶ᠎ᠶ᠋ᠢᠨ ᠬᠥᠬᠡᠭ᠌ᠴᠢᠨ ᠳᠤᠭᠤᠢᠯᠠᠩ ᠵᠡᠷᠭᠡ 4 ᠳᠤᠭᠤᠢᠯᠠᠩ ᠲᠣᠬᠢᠷᠠᠭᠤᠯᠵᠤ᠂ ᠤᠷᠤᠯᠳᠤᠭᠠᠨ ᠨᠢ 8 ᠰᠠᠷ᠎ᠠ᠎ᠶ᠋ᠢᠨ 16 ᠎ᠤ᠋ ᠡᠳᠦᠷ ᠪᠣᠯᠲᠠᠯ᠎ᠠ ᠶᠠᠪᠤᠭ᠍ᠳᠠᠨ᠎ᠠ᠃

8 ᠰᠠᠷ᠎ᠠ᠎ᠶ᠋ᠢᠨ 10 ᠎ᠤ᠋ ᠡᠳᠦᠷ᠂ ᠰᠤᠷᠪᠤᠯᠵᠢᠯᠠᠭ᠍ᠴᠢ ᠤᠷᠤᠯᠳᠤᠭᠠᠨ᠎ᠤ ᠲᠠᠯᠠᠪᠤᠷ᠎ᠲᠤ ᠬᠦᠷᠬᠦ᠌᠎ᠳᠦ᠂ 3 ᠲᠠᠯᠠᠪᠤᠷ ᠤᠷᠤᠯᠳᠤᠭᠠᠨ ᠵᠡᠷᠭᠡ᠎ᠪᠡᠷ ᠡᠬᠢᠯᠡᠨ ᠶᠠᠪᠤᠭᠳᠠᠵᠦ ᠪᠠᠢᠯ᠎ᠠ᠃ ᠡᠷᠡᠭ᠌ᠲᠡᠶ᠎ᠶ᠋ᠢᠨ ᠬᠥᠬᠡ ᠳᠤᠭᠤᠢᠯᠠᠩ᠎ᠤᠨ ᠤᠷᠤᠯᠳᠤᠭᠠᠨ᠎ᠳᠦ ᠬᠥᠯᠥᠨ ᠪᠣᠢᠷ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ ᠪᠠ ᠲᠦᠩᠯᠢᠶᠣᠤ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ᠎ᠤᠷᠤᠯᠳᠤᠵᠦ᠂ ᠡᠮᠡᠭ᠌ᠲᠡᠶ᠎ᠶ᠋ᠢᠨ ᠬᠥᠬᠡ ᠳᠤᠭᠤᠢᠯᠠᠩ᠎ᠤᠨ ᠤᠷᠤᠯᠳᠤᠭᠠᠨ᠎ᠳᠦ ᠪᠤᠭᠤᠲᠤ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ ᠪᠠ ᠤᠯᠠᠭᠠᠨᠬᠠᠳᠠ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ ᠤᠷᠤᠯᠳᠤᠵᠦ᠂ ᠡᠷᠡᠭ᠌ᠲᠡᠶ᠎ᠶ᠋ᠢᠨ ᠬᠥᠬᠡᠭ᠌ᠴᠢᠨ ᠳᠤᠭᠤᠢᠯᠠᠩ᠎ᠤᠨ ᠤᠷᠤᠯᠳᠤᠭᠠᠨ᠎ᠳᠦ ᠬᠥᠬᠡᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ ᠪᠣᠯᠤᠨ ᠣᠷᠳᠣᠰ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ ᠤᠷᠤᠯᠳᠤᠪᠠ᠃ ᠡᠮᠡᠭ᠌ᠲᠡᠶ᠎ᠶ᠋ᠢᠨ ᠬᠥᠬᠡ ᠳᠤᠭᠤᠢᠯᠠᠩ᠎ᠤᠨ ᠪᠤᠭᠤᠲᠤ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ 3᠄0 ᠎ᠤ᠋ᠨ ᠬᠠᠷᠢᠴᠠᠯ᠎ᠶ᠋ᠢᠡᠷ ᠠᠩᠬᠠᠨ᠎ᠤ ᠲᠠᠯᠠᠪᠤᠷ ᠤᠷᠤᠯᠳᠤᠭᠠᠨ᠎ᠤ ᠢᠯᠠᠯᠲᠠ᠎ᠶ᠋ᠢ ᠣᠯᠪᠠ᠃

ᠪᠤᠭᠤᠲᠤ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ᠎ᠶ᠋ᠢᠨ ᠳᠠᠰᠭᠠᠯᠵᠢᠭᠤᠯᠤᠭ᠍ᠴᠢ ᠼᠠᠢ ᠮᠤᠤ ᠱᠢᠨ᠄《ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠳᠤ ᠰᠠᠢᠨ ᠬᠢᠷᠢ ᠪᠦᠲᠦᠮᠵᠢ ᠣᠯᠬᠤ᠎ᠶ᠋ᠢᠨ ᠲᠥᠯᠥᠭᠡ᠂ ᠪᠢᠳᠡ 1 ᠵᠢᠯ᠎ᠦᠨ ᠬᠤᠭᠤᠴᠠᠭ᠎ᠠ᠎ᠲᠠᠶ᠎ᠪᠤᠯᠪᠠᠰᠤᠷᠠᠯ᠎ᠠ᠃ ᠡᠨᠡ ᠤᠳᠠᠭᠠᠨ᠎ᠤ ᠤᠷᠤᠯᠳᠤᠭᠠᠨ᠎ᠳᠤ ᠪᠢᠳᠡ ᠰᠠᠢᠨ ᠬᠢᠷᠢ ᠪᠦᠲᠦᠮᠵᠢ ᠤᠯᠬᠤ ᠢᠳᠡᠭᠡᠯ ᠳᠡᠭᠦᠯᠳᠡᠷ ᠪᠠᠢᠨ᠎ᠠ》 ᠭᠡᠵᠦ ᠶᠠᠷᠢᠪᠠ᠃ ᠪᠤᠭᠤᠲᠤ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ᠎ᠶ᠋ᠢᠨ ᠭᠡᠱᠢᠭᠦᠨ ᠯᠢ ᠶᠠ ᠽᠧ ᠄ 《ᠠᠯᠠᠭᠠᠳᠠᠬᠤ ᠪᠥᠮᠪᠥᠭᠡ ᠪᠣᠯ ᠨᠢᠭᠡ ᠵᠦᠢᠯ᠎ᠤᠨ ᠪᠦᠯᠬᠦᠮ᠎ᠦᠨ ᠬᠥᠳᠡᠯᠭᠡᠭᠡᠨ᠂ ᠠᠬᠠᠮᠠᠳ ᠭᠡᠱᠢᠭᠦᠨ ᠪᠣᠯᠤᠭ᠍ᠰᠠᠨ᠎ᠤ ᠬᠤᠪᠢ᠎ᠳᠤ᠂ ᠪᠢ ᠥᠪᠡᠷ᠎ᠦᠨ ᠪᠣᠳᠠᠲᠤ ᠠᠵᠢᠯᠯᠠᠭ᠎ᠠ᠎ᠪᠠᠷ᠎ᠢᠶᠠᠨ ᠱᠢᠨ᠎ᠡ ᠲᠠᠮᠢᠷᠴᠢᠨ᠎ᠢ ᠳᠠᠢᠴᠢᠯᠠᠵᠤ᠂ ᠨᠢᠭ᠍ᠲᠠᠷᠠᠯ᠎ᠤᠨ ᠬᠦᠴᠦᠨ᠎ᠢ ᠪᠤᠢ ᠪᠤᠯᠭᠠᠵᠤ᠂ ᠰᠠᠢᠨ ᠬᠢᠷᠢ ᠪᠦᠳᠦᠮᠵᠢ ᠤᠯᠬᠤ ᠪᠡᠷ ᠴᠢᠷᠮᠠᠢᠨ᠎ᠠ》 ᠭᠡᠵᠦ ᠪᠠᠶᠠᠷᠲᠠᠢᠬᠠᠨ ᠶᠠᠷᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面