2023-08-11 09:56:13
8 ᠰᠠᠷ᠎ᠠ᠎ᠶ᠋ᠢᠨ 10 ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠬᠥᠯ ᠪᠥᠮᠪᠥᠭᠡ᠎ᠶ᠋ᠢᠨ ᠲᠥᠷᠥᠯ ᠵᠦᠶ᠋ᠯ᠎ᠦᠨ ᠡᠮᠡᠭ᠌ᠲᠡᠶ᠎ᠶ᠋ᠢᠨ ᠤᠯᠠᠭᠠᠨ ᠳᠤᠭᠤᠢᠯᠠᠩ᠎ᠤᠨ ᠤᠷᠤᠯᠳᠤᠭᠠᠨ ᠡᠬᠢᠯᠡᠪᠡ᠃
ᠤᠷᠤᠯᠳᠤᠭᠠᠨ᠎ᠳᠤ ᠨᠡᠢᠲᠡ 4 ᠠᠩᠭᠢ ᠣᠷᠣᠯᠴᠠᠵᠤ᠂ ᠳᠠᠩ ᠡᠭᠡᠯᠵᠢᠲᠦ ᠤᠷᠤᠯᠳᠤᠭᠠᠨ᠎ᠤ ᠳᠦᠷᠢᠮ᠎ᠢ ᠬᠡᠷᠡᠭ᠌ᠯᠡᠵᠦ᠍᠂ ᠬᠠᠮᠤᠭ᠎ᠤᠨ ᠡᠴᠦᠰ᠎ᠲᠦ ᠬᠤᠷᠠᠮᠳᠤᠯ ᠬᠤᠪᠢ᠎ᠶ᠋ᠢ ᠦᠨᠳᠦᠰᠦᠯᠡᠨ ᠲᠦᠷᠦᠭᠦᠦ ᠬᠣᠶᠠᠷ ᠨᠡᠷᠡᠰ᠎ᠢ ᠲᠣᠭ᠍ᠲᠠᠭᠠᠨ᠎ᠠ᠃ ᠠᠩᠬᠠᠨ᠎ᠤ ᠤᠷᠤᠯᠳᠤᠭᠠᠨ ᠨᠢ ᠬᠥᠬᠡᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ ᠪᠣᠯᠤᠨ ᠲᠦᠩᠯᠢᠶᠣᠤ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ᠎ᠶ᠋ᠢᠨ ᠬᠣᠭᠣᠷᠣᠨᠳᠣ ᠶᠠᠪᠤᠭ᠍ᠳᠠᠪᠠ᠃ ᠬᠥᠬᠡᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ᠎ᠶ᠋ᠢᠨ ᠳᠠᠰᠭᠠᠯᠵᠢᠭᠤᠯᠤᠭ᠍ᠴᠢ ᠬᠤᠤ ᠷᠦᠩ ᠲᠢᠩ ᠰᠤᠷᠪᠤᠯᠵᠢᠯᠠᠭ᠎ᠠ ᠬᠦᠯᠢᠶᠡᠬᠦ᠎ᠳᠡᠭᠡᠨ᠄ 《ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠳᠦ ᠰᠢᠯᠢᠳᠡᠭ ᠬᠢᠷᠢ ᠪᠦᠲᠦᠮᠵᠢ ᠤᠯᠬᠤ᠎ᠶᠢᠨ ᠲᠥᠯᠥᠭᠡ᠂ ᠪᠢᠳᠡ ᠭᠦᠢᠴᠡᠳ ᠪᠡᠯᠡᠳᠭᠡᠯ ᠬᠢᠯ᠎ᠡ᠃ ᠤᠷᠤᠯᠳᠤᠭᠠᠨ᠎ᠤ ᠬᠤᠭᠤᠴᠠᠭᠠᠨ᠎ᠳᠦ ᠲᠠᠮᠢᠷᠴᠢᠳ ᠬᠠᠷᠢᠯᠴᠠᠨ ᠰᠤᠷᠤᠯᠴᠠᠵᠤ᠂ ᠤᠷᠤᠯᠳᠤᠭᠠᠨ᠎ᠤ ᠬᠢᠷᠢ ᠲᠦᠪᠱᠢᠨ᠎ᠢᠶᠡᠨ ᠳᠡᠭᠡᠭ᠌ᠰᠢᠯᠡᠭᠦᠯᠬᠦ᠌᠎ᠵᠢ ᠬᠦᠰᠡᠵᠦ ᠪᠠᠢᠨ᠎ᠡ》 ᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃