ᠰᠣᠶᠣᠯ ᠤᠷᠠᠯᠢᠭ > ᠠᠷᠪᠠᠨ ᠲᠠᠪᠤᠳᠤᠭᠠᠷ ᠬᠤᠭᠤᠴᠠᠭᠠᠨ᠎ᠤ᠋ ᠲᠠᠮᠢᠷ᠎ᠤ᠋ᠨ ᠴᠤᠭᠯᠠᠭᠠᠨ

2023-08-01 21:09:26

ᠵᠣᠬᠢᠶᠠᠭ᠍ᠴᠢ᠄ ᠸᠠᠩ ᠢᠦᠢ ᠵᠦᠸᠸ ᠣᠩᠱᠢᠭ᠍ᠰᠠᠨ ᠣᠳᠠᠭ᠎ᠠ᠄ 3

7 ᠰᠠᠷ᠎ᠠ ᠎ᠶᠢᠨ 30 ᠎ᠤ᠋ ᠡᠳᠦᠷ᠂ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ ᠠᠷᠪᠠᠨ ᠲᠠᠪᠤᠳᠤᠭᠠᠷ ᠬᠤᠭᠤᠴᠠᠭᠠᠨ ᠎ᠤ ᠲᠠᠮᠢᠷ ᠎ᠤᠨ ᠴᠤᠭᠯᠠᠭᠠᠨ᠂ ᠵᠢᠷᠭᠤᠳᠤᠭᠠᠷ ᠬᠤᠭᠤᠴᠠᠭᠠᠨ ᠎ᠤ ᠵᠡᠮᠳᠡᠭᠴᠦᠳ ᠎ᠦᠨ ᠲᠠᠮᠢᠷ ᠎ᠤᠨ ᠴᠤᠭᠯᠠᠭᠠᠨ ᠵᠢᠴᠢ ᠣᠨᠴᠠᠭᠠᠢ ᠣᠯᠢᠮᠫᠢᠺ ᠎ᠤᠨ ᠲᠠᠮᠢᠷ ᠎ᠤᠨ ᠴᠤᠭᠯᠠᠭᠠᠨ ᠎ᠤ ᠭᠠᠯ ᠪᠠᠮᠪᠠᠷ ᠳᠠᠮᠵᠢᠭᠤᠯᠬᠤ ᠳ᠋ᠦᠩᠱᠧᠩ ᠦᠷᠳᠡᠭᠡ ᠵᠢᠨ ᠠᠵᠢᠯᠯᠠᠭ᠎ᠠ ᠣᠷᠳᠣᠰ ᠬᠤᠳᠠ ᠎ᠶᠢᠨ ᠳ᠋ᠦᠩᠱᠧᠩ ᠲᠣᠭᠣᠷᠢᠭ᠋ ᠎ᠤᠨ ᠬᠦᠷᠡᠯ ᠵᠡᠪᠰᠡᠭ᠎ᠤᠨ ᠰᠣᠶᠣᠯ ᠠᠭᠤᠳᠠᠮ ᠲᠠᠯᠠᠪᠠᠢ ᠎ᠳᠤ ᠶᠠᠪᠤᠭᠳᠠᠪᠠ᠃

ᠦᠳᠡ ᠎ᠶᠢᠨ ᠡᠮᠦᠨᠡᠬᠢ 9 ᠴᠠᠭ ᠎ᠲᠤ᠂ ᠬᠥᠮᠥᠰ ᠎ᠦᠨ ᠰᠡᠳᠬᠢᠯ ᠎ᠢ ᠳᠣᠭᠳᠣᠯᠤᠭᠤᠯᠤᠮ᠎ᠠ ᠭᠠᠯ ᠪᠠᠮᠪᠠᠷ ᠳᠠᠮᠵᠢᠭᠤᠯᠬᠤ ᠶᠣᠰᠣᠯᠠᠯ ᠵᠢᠩᠬᠢᠨᠢ ᠎ᠪᠡᠷ ᠡᠬᠢᠯᠡᠭᠰᠡᠨ ᠪᠠᠢᠨ᠎ᠠ᠃ ᠠᠵᠢᠯᠯᠠᠭ᠎ᠠ ᠎ᠶᠢᠨ ᠠᠬᠤᠢ ᠲᠠᠯᠠᠪᠠᠢ ᠬᠦᠷ ᠬᠦᠭᠵᠢᠶᠡᠨ ᠵᠢᠡᠷ ᠪᠢᠯᠬᠠᠵᠤ᠂ ᠡᠯ᠎ᠡ ᠠᠵᠢᠯ ᠲᠦᠷᠦᠯ ᠎ᠦᠨ ᠭᠠᠯ ᠪᠠᠮᠪᠠᠷᠴᠢᠳ᠎ᠤᠨ ᠠᠯᠬᠤᠭ᠎ᠠ ᠲᠤᠷᠪᠢᠯᠢᠭ᠂ ᠴᠤᠭ ᠰᠦᠯᠳᠡ ᠪᠠᠳᠠᠷᠠᠡᠭᠭᠤᠢ ᠪᠠᠢᠯ᠎ᠠ᠃ ᠵᠠᠮ ᠎ᠤᠨ ᠬᠣᠶᠠᠷ ᠲᠠᠯ᠎ᠠ ᠎ᠪᠠᠷ ᠬᠤᠳᠠ ᠎ᠶᠢᠨ ᠠᠷᠠᠳ ᠪᠣᠯᠣᠨ ᠲᠦᠷᠦᠯ ᠰᠠᠳᠤᠨ ᠨᠠᠢᠵᠢ ᠨᠥᠬᠥᠳ ᠎ᠦᠨ ᠪᠦᠯᠬᠦᠮ ᠎ᠦᠨ ᠬᠢᠨ ᠤᠤᠬᠠᠢᠯᠠᠨ ᠭᠠᠯ ᠪᠠᠮᠪᠠᠷᠴᠢᠨ᠎ᠢ ᠵᠤᠷᠢᠬᠵᠢᠭᠤᠯᠤᠨ᠎ᠠ᠃ ᠪᠦᠬᠦ ᠤᠷᠳᠤ ᠨᠢ ᠪᠠᠷᠤᠭ 4.3 ᠺᠢᠯᠦᠮᠸᠲᠷ ᠪᠦᠬᠦᠢ ᠳᠠᠮᠵᠢᠭᠤᠯᠭ᠎ᠠ ᠵᠢᠨ ᠵᠠᠮ ᠱᠤᠭᠤᠮ ᠵᠢᠡᠷ ᠭᠠᠯ ᠪᠠᠮᠪᠠᠷᠴᠢᠳ ᠠᠷᠢᠭᠤᠨ ᠭᠠᠯ ᠎ᠢ ᠳᠡᠭᠡᠷ᠎ᠡ ᠡᠷᠭᠦᠵᠦ ᠂ ᠭᠦᠨ ᠵᠤᠵᠠᠭᠠᠨ ᠤᠤᠷ ᠲᠤᠨᠳᠠᠰᠤ᠎ᠲᠠᠢ ᠪᠥᠭᠡᠳ ᠠᠮᠢᠵᠢᠷᠠᠯ ᠎ᠤᠨ ᠬᠦᠴᠦᠨ ᠎ᠢᠶᠡᠷ ᠪᠢᠯᠬᠠᠮ᠎ᠠ ᠤᠳᠤ ᠦᠶ᠎ᠡ ᠎ᠶᠢᠨ ᠰᠢᠨ᠎ᠡ ᠬᠤᠳᠠ ᠪᠡᠷ ᠦᠨᠭᠭᠡᠷᠡᠵᠦ᠂ ᠭᠠᠯ ᠪᠠᠮᠪᠠᠷ᠎ᠢ ᠲᠤᠰᠢᠶᠠᠬᠤ ᠪᠠ ᠬᠦᠯᠢᠶᠡᠨ ᠠᠪᠬᠤ ᠳᠤᠮᠳᠠ ᠠᠷᠢᠭᠤᠨ ᠭᠠᠯ ᠨᠢ ᠲᠡᠮᠡᠴᠡᠯ ᠴᠢᠷᠮᠠᠢᠯᠭ᠎ᠠ ᠪᠠ ᠬᠦᠰᠡᠯ ᠵᠡᠭᠦᠳᠦ ᠵᠢ ᠳᠠᠮᠵᠢᠭᠤᠯᠵᠤ᠂ ᠵᠣᠷᠢᠭ᠋ ᠰᠠᠨᠠᠭ᠎ᠠ ᠪᠠ ᠬᠦᠴᠦᠨ ᠴᠢᠳᠠᠯ ᠎ᠢ ᠳᠠᠮᠵᠢᠭᠤᠯᠤᠬᠰᠠᠨ ᠪᠠᠢᠨ᠎ᠠ᠃

ᠣᠢᠯᠠᠭᠠᠭᠰᠠᠨ ᠎ᠢᠶᠠᠷ᠂ ᠥᠪᠡᠷᠲᠡᠭᠡᠨ ᠵᠠᠰᠠᠬᠤ ᠣᠷᠣᠨ ᠎ᠤ ᠠᠷᠪᠠᠨ ᠲᠠᠪᠤᠳᠤᠭᠠᠷ ᠬᠤᠭᠤᠴᠠᠭᠠᠨ ᠎ᠤ ᠲᠠᠮᠢᠷ ᠎ᠤᠨ ᠴᠤᠭᠯᠠᠭᠠᠨ ᠪᠠ ᠵᠢᠷᠭᠤᠳᠤᠭᠠᠷ ᠬᠤᠭᠤᠴᠠᠭᠠᠨ ᠎ᠤ ᠵᠡᠮᠳᠡᠭᠴᠦᠳ ᠎ᠦᠨ ᠲᠠᠮᠢᠷ ᠎ᠤᠨ ᠴᠤᠭᠯᠠᠭᠠᠨ ᠎ᠤ ᠭᠠᠯ ᠪᠠᠮᠪᠠᠷ ᠎ᠤᠨ ᠳᠠᠮᠵᠢᠭᠤᠯᠭ᠎ᠠ 7 ᠰᠠᠷ᠎ᠠ ᠎ᠶᠢᠨ 1 ᠡᠴᠡ 8 ᠰᠠᠷ᠎ᠠ ᠎ᠶᠢᠨ 7 ᠎ᠤ᠋ ᠡᠳᠦᠷ ᠪᠣᠯᠲᠠᠯ᠎ᠠ ᠶᠠᠪᠤᠭᠳᠠᠨ᠎ᠠ᠃ ᠠᠷᠢᠭᠤᠨ ᠭᠠᠯ᠎ᠢ ᠥᠪᠡᠷᠲᠡᠭᠡᠨ ᠵᠠᠰᠠᠬᠤ ᠣᠷᠣᠨ ᠎ᠤ ᠪᠤᠰᠤᠳ ᠠᠢᠮᠠᠭ ᠬᠣᠲᠠ ᠎ᠪᠡᠷ ᠨᠢᠭᠡ ᠡᠳᠦᠷ ᠳᠠᠮᠵᠢᠭᠤᠯᠵᠤ᠂ 7 ᠰᠠᠷ᠎ᠠ ᠎ᠶᠢᠨ 28 ᠎ᠤ᠋ ᠡᠳᠦᠷ ᠣᠷᠳᠣᠰ ᠬᠣᠲᠠ ᠎ᠳᠤ ᠪᠤᠴᠠᠵᠤ᠂ 7 ᠰᠠᠷ᠎ᠠ ᠎ᠶᠢᠨ 30 ᠎ᠤ᠋ ᠡᠳᠦᠷ ᠣᠷᠳᠣᠰ ᠬᠣᠲᠠ ᠳ᠋ᠡᠬᠢ 7 ᠡᠳᠦᠷ ᠎ᠦᠨ ᠬᠤᠭᠤᠴᠠᠭ᠎ᠠ ᠎ᠲᠠᠢ ᠳᠠᠮᠵᠢᠭᠤᠯᠭ᠎ᠠ ᠵᠢ ᠡᠬᠢᠯᠡᠭᠦᠯᠵᠦ᠂ 8 ᠰᠠᠷ᠎ᠠ ᠎ᠶᠢᠨ 8 ᠎ᠤ᠋ ᠣᠷᠣᠢ ᠡᠬᠢᠯᠡᠯᠲᠡ ᠎ᠶᠢᠨ ᠶᠣᠰᠣᠯᠠᠯ ᠎ᠤᠨ ᠭᠣᠣᠯ ᠬᠤᠷᠠᠯ ᠎ᠤᠨ ᠲᠠᠯᠠᠪᠠᠶ᠎ᠳᠤ ᠬᠦᠷᠭᠡᠵᠦ᠂ ᠭᠣᠣᠯ ᠭᠠᠯ ᠪᠠᠮᠪᠠᠷ ᠎ᠤᠨ ᠰᠤᠪᠤᠷᠭ᠎ᠠ ᠵᠢ ᠠᠰᠠᠭᠠᠬᠤ ᠪᠤᠯᠤᠨ᠎ᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面