ᠰᠣᠶᠣᠯ ᠤᠷᠠᠯᠢᠭ > ᠠᠷᠪᠠᠨ ᠲᠠᠪᠤᠳᠤᠭᠠᠷ ᠬᠤᠭᠤᠴᠠᠭᠠᠨ᠎ᠤ᠋ ᠲᠠᠮᠢᠷ᠎ᠤ᠋ᠨ ᠴᠤᠭᠯᠠᠭᠠᠨ

2023-08-12 17:31:59

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠴᠠᠢ ᠰᠧ ᠶᠤᠸᠠᠨ ᠣᠩᠱᠢᠭ᠍ᠰᠠᠨ ᠣᠳᠠᠭ᠎ᠠ᠄ 3

ᠣᠢᠷ᠎ᠠ᠎ᠶᠢᠨ ᠡᠳᠦᠷ᠎ᠤᠳ᠎ᠲᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠲᠤᠤᠷ ᠪᠥᠮᠪᠥᠭᠡ᠎ᠶ᠋ᠢᠨ ᠲᠥᠷᠥᠯ ᠵᠦᠶ᠋ᠯ ᠣᠷᠳᠣᠰ ᠬᠣᠲᠠ᠎ᠶ᠋ᠢᠨ ᠴᠠᠬᠢᠯᠭᠠᠨ ᠬᠠᠩᠭᠠᠬᠤ ᠲᠣᠪᠴᠢᠶ᠎ᠠ᠎ᠶ᠋ᠢᠨ ᠲᠤᠤᠷ ᠪᠥᠮᠪᠥᠭᠡ᠎ᠶ᠋ᠢᠨ ᠣᠷᠳᠣᠨ᠎ᠳᠤ ᠬᠦᠭᠵᠢᠶᠡᠨ ᠲᠠᠢ ᠶᠠᠪᠤᠭᠳᠠᠵᠦ ᠪᠤᠢ᠃ 8 ᠰᠠᠷ᠎ᠠ᠎ᠶ᠋ᠢᠨ 11᠎ᠦ ᠦᠷᠯᠦᠭᠡ᠂ ᠰᠤᠷᠪᠤᠯᠵᠢᠯᠠᠭᠴᠢ ᠲᠤᠤᠷ ᠪᠥᠮᠪᠥᠭᠡ᠎ᠶ᠋ᠢᠨ ᠤᠷᠤᠯᠳᠤᠭᠠᠨ᠎ᠤ ᠲᠠᠯᠠᠪᠠᠢ᠎ᠳᠦ ᠬᠦᠷᠬᠦ᠎ᠳᠦ᠂ ᠤᠷᠳᠤᠰ ᠬᠤᠳᠠ᠎ᠶ᠋ᠢ ᠲᠥᠯᠥᠭᠡᠯᠡᠨ ᠤᠷᠤᠯᠳᠤᠭᠠᠨ᠎ᠳᠤ ᠣᠷᠣᠯᠴᠠᠭ᠍ᠰᠠᠨ ᠸᠠᠩ ᠵᠢᠶᠠ ᠢ᠂ ᠸᠠᠩ ᠵᠢᠶᠠ ᠳ᠋ᠸ ᠡᠭᠡᠴᠢ ᠳᠡᠭᠦᠦ ᠬᠤᠶᠠᠷ ᠶᠠᠭ ᠰᠠᠶᠢᠬᠠᠨ ᠤᠷᠤᠯᠳᠤᠭᠠᠨ᠎ᠤ ᠪᠡᠯᠡᠳᠭᠡᠯ᠎ᠶ᠋ᠢᠡᠨ ᠬᠢᠵᠦ ᠶᠠᠭᠠᠷᠠᠯᠳᠤᠨ᠎ᠠ᠃

ᠡᠭᠡᠴᠢ ᠸᠠᠩ ᠵᠢᠶᠠ ᠢ ᠨᠢ ᠡᠮᠡᠭ᠌ᠲᠡᠶ᠎ᠶ᠋ᠢᠨ ᠬᠥᠬᠡ ᠳᠤᠭᠤᠢᠯᠠᠩ᠎ᠤᠨ ᠳᠠᠨᠭ᠌᠎ᠶ᠋ᠢᠡᠷ ᠴᠣᠬᠢᠬᠤ ᠪᠠ ᠡᠷᠡᠭ᠌ᠲᠡᠶ ᠡᠮᠡᠭ᠌ᠲᠡᠶ᠎ᠶ᠋ᠢᠨ ᠬᠣᠣᠰᠯᠠᠨ ᠴᠣᠬᠢᠬᠤ ᠤᠷᠤᠯᠳᠤᠭᠠᠨ᠎ᠳᠤ ᠂ ᠸᠠᠩ ᠵᠢᠶᠠ ᠳ᠋ᠧ ᠡᠷᠡᠭ᠌ᠲᠡᠶ᠎ᠶ᠋ᠢᠨ ᠬᠥᠬᠡᠭ᠌ᠴᠢᠨ ᠳᠤᠭᠤᠢᠯᠠᠩ᠎ᠤᠨ ᠳᠠᠨᠭ᠌᠎ᠶ᠋ᠢᠡᠷ ᠴᠣᠬᠢᠬᠤ ᠪᠠ ᠡᠷᠡᠭ᠌ᠲᠡᠶ ᠡᠮᠡᠭ᠌ᠲᠡᠶ᠎ᠶ᠋ᠢᠨ ᠬᠣᠣᠰᠯᠠᠨ ᠴᠣᠬᠢᠬᠤ ᠤᠷᠤᠯᠳᠤᠭᠠᠨ᠎ᠳᠦ ᠤᠷᠤᠯᠴᠠᠨ᠎ᠠ᠃ 8 ᠰᠠᠷ᠎ᠠ᠎ᠶ᠋ᠢᠨ 11᠎ᠦ ᠡᠳᠦᠷ᠎ᠦᠨ ᠦᠳᠡ ᠵᠢᠨ ᠡᠮᠦᠨ᠎ᠡ᠂ ᠳᠠᠨᠭ᠌᠎ᠶ᠋ᠢᠡᠷ ᠴᠣᠬᠢᠬᠤ ᠠᠩᠬᠠᠨ᠎ᠤ ᠡᠭᠡᠯᠵᠢ᠎ᠶ᠋ᠢᠨ ᠤᠷᠤᠯᠳᠤᠭᠠᠨ᠎ᠢᠶᠠᠨ ᠳᠠᠭᠤᠰᠭᠠᠭ᠍ᠰᠠᠨ ᠡᠭᠡᠴᠢ ᠨᠢ ᠪᠣᠯᠪᠠᠰᠤᠷᠠᠯ᠎ᠤᠨ ᠲᠠᠯᠠᠪᠠᠢ᠎ᠳᠤ ᠬᠠᠷᠢᠵᠤ ᠳᠡᠭᠦᠦ᠍᠎ᠲᠡᠶ᠎ᠪᠡᠨ ᠬᠠᠮᠲᠤ ᠦᠳᠡ᠎ᠶ᠋ᠢᠨ ᠬᠣᠢᠨᠠᠬᠢ ᠤᠷᠤᠯᠳᠤᠭᠠᠨ᠎ᠳᠦ ᠪᠠᠨ ᠪᠡᠯᠡᠳᠭᠡᠨ᠎ᠡ᠃

《ᠠᠪᠤ ᠡᠵᠢ ᠮᠢᠨᠢ ᠪᠦᠷ ᠲᠠᠮᠢᠷ᠎ᠤᠨ ᠬᠥᠳᠡᠯᠭᠡᠭᠡᠨ᠎ᠳᠦ ᠪᠠᠬᠠᠲᠠᠢ ᠤᠴᠢᠷ᠎ᠠᠴᠠ ᠪᠢ 5᠎ᠨᠠᠰᠤᠨ ᠡᠴᠡ ᠪᠠᠨ ᠲᠣᠣᠷ ᠪᠥᠮᠪᠥᠭᠡ ᠨᠠᠭᠠᠳᠴᠤ᠌ ᠡᠬᠢᠯᠡᠪᠡ᠃ ᠲᠡᠷᠡ ᠦᠶ᠎ᠡ᠎ᠳᠦ ᠪᠢ ᠰᠠᠢᠬᠠᠨ ᠨᠠᠭᠠᠳᠴᠤ᠌ ᠴᠢᠳᠠᠬᠤ ᠦᠭᠡᠢ ᠪᠠᠢᠭᠰᠠᠨ᠃ ᠭᠡᠪᠡᠴᠦ᠍ ᠡᠨᠡ ᠬᠦ᠌ ᠲᠠᠮᠢᠷ᠎ᠤᠨ ᠬᠥᠳᠡᠯᠭᠡᠭᠡᠨ ᠨᠢ ᠮᠠᠰᠢ ᠰᠣᠨᠢᠷᠬᠠᠯᠲᠠᠶ ᠪᠠᠢᠭᠰᠠᠨ ᠡᠴᠡ ᠪᠢ ᠪᠠᠷᠢᠮᠲᠠᠯᠠᠭᠰᠠᠭᠠᠷ ᠢᠷᠡᠭᠰᠡᠨ ᠶᠤᠮ》 ᠭᠡᠵᠦ᠍ ᠸᠠᠩ ᠵᠢᠶᠠ ᠢ ᠰᠤᠷᠪᠤᠯᠵᠢᠯᠠᠭ᠎ᠠ ᠬᠦᠯᠢᠶᠡᠬᠦ᠎ᠳᠡᠭᠡᠨ ᠶᠠᠷᠢᠵᠦ ᠪᠠᠢᠯ᠎ᠠ᠃ ᠳᠡᠭᠦᠦ ᠨᠢ᠎ᠴᠦ ᠡᠭᠡᠴᠢ᠎ᠶ᠋ᠢᠨ᠎ᠢᠶᠡᠨ ᠨᠥᠯᠥᠭᠡ᠎ᠪᠡᠷ ᠡᠭᠡᠴᠢ ᠪᠠᠨ ᠳᠠᠭᠠᠵᠦ ᠲᠤᠤᠷ ᠪᠥᠮᠪᠥᠭᠡ᠎ᠶ᠋ᠢᠨ ᠬᠦᠳᠡᠯᠭᠡᠭᠡᠨ᠎ᠳᠦ ᠪᠠᠬᠠᠲᠠᠢ ᠪᠤᠯᠵᠦ᠂ ᠳᠠᠨᠭᠳᠠ ᠬᠠᠮᠳᠦ᠎ᠳᠦ ᠪᠠᠨ ᠪᠤᠯᠪᠠᠰᠤᠷᠠᠵᠦ᠂ ᠬᠠᠮᠳᠤ᠎ᠳᠦ ᠪᠠᠨ ᠤᠷᠤᠯᠳᠤᠭᠠᠨ᠎ᠳᠦ ᠤᠷᠤᠯᠴᠠᠬᠤ ᠪᠤᠯᠪᠠ᠃

ᠤᠢᠯᠠᠭᠠᠭᠰᠠᠨ᠎ᠶ᠋ᠢᠡᠷ᠂ ᠸᠠᠩ ᠵᠢᠶᠠ ᠢ 2019 ᠣᠨ᠎ᠳᠤ ᠳᠤᠮᠳᠠᠳᠤ ᠤᠯᠤᠰ᠎ᠤᠨ ᠵᠠᠯᠠᠭᠤᠴᠤᠳ ᠪᠠᠭᠠᠴᠤᠳ᠎ᠤᠨ 《ᠨᠠᠢᠺ ᠬᠤᠨᠳᠠᠭᠠᠲᠤ》 ᠲᠤᠤᠷ ᠪᠥᠮᠪᠥᠭᠡ᠎ᠶ᠋ᠢᠨ ᠶᠡᠷᠦᠩᠬᠡᠶ ᠱᠢᠶ᠋ᠳᠪᠦᠷᠢᠲᠦ ᠤᠷᠤᠯᠳᠤᠭᠠᠨ᠎ᠳᠤ ᠣᠷᠣᠯᠴᠠᠵᠤ᠂ ᠡᠮᠡᠭ᠌ᠲᠡᠶ᠎ᠶ᠋ᠢᠨ ᠳᠠᠨᠭ᠌᠎ᠶ᠋ᠢᠡᠷ ᠴᠣᠬᠢᠬᠤ ᠤᠷᠤᠯᠳᠤᠭᠠᠨ᠎ᠳᠤ ᠳᠡᠳ᠋ᠯᠡᠵᠦ᠍᠂ ᠳᠤᠮᠳᠠᠳᠤ ᠤᠯᠤᠰ᠎ᠢ ᠲᠥᠯᠥᠭᠡᠯᠡᠨ ᠠᠮᠧᠷᠢᠺᠠ᠎ᠳᠤ ᠶᠠᠪᠤᠭᠳᠠᠬᠤ ᠭᠡᠵᠦ ᠪᠠᠢᠭ᠎ᠠ ᠳᠡᠯᠡᠬᠡᠶ᠎ᠶ᠋ᠢᠨ ᠵᠠᠯᠠᠭᠤᠴᠤᠳ ᠪᠠᠭᠠᠴᠤᠳ᠎ᠤᠨ ᠲᠤᠤᠷ ᠪᠥᠮᠪᠥᠭᠡ᠎ᠶ᠋ᠢᠨ ᠬᠠᠮᠤᠭ᠎ᠤᠨ ᠥᠨᠳᠥᠷ ᠲᠦᠪᠱᠢᠨ᠎ᠦ ᠤᠷᠤᠯᠳᠤᠭᠠᠨ᠎ᠳᠤ ᠣᠷᠣᠯᠴᠠᠬᠤ ᠬᠢᠷᠢ ᠬᠡᠮ᠎ᠢ ᠣᠯᠵᠠᠶ᠃

ᠳᠡᠭᠦᠦ ᠸᠠᠩ ᠵᠢᠶᠠ ᠳ᠋ᠧ᠎ᠨᠢ ᠮᠡᠷᠭᠡᠵᠢᠯ᠎ᠦᠨ ᠲᠠᠯ᠎ᠠ᠎ᠪᠠᠷ ᠲᠠᠰᠤᠷᠠᠯᠲᠠ ᠦᠭᠡᠢ ᠳᠡᠭᠡᠭᠰᠢᠯᠡᠬᠦ ᠶ᠋ᠢ ᠳᠠᠭᠠᠯᠳᠤᠨ᠂ ᠡᠭᠡᠴᠢ᠎ᠲᠡᠶ᠎ᠪᠡᠨ ᠬᠠᠮᠲᠤ ᠤᠯᠤᠰ᠎ᠤᠨ ᠳᠣᠲᠣᠭᠠᠳᠤ᠎ᠶ᠋ᠢᠨ ᠶᠡᠬᠡ ᠪᠠᠭ᠎ᠠ ᠤᠷᠤᠯᠳᠤᠭᠠᠨ᠎ᠳᠤ ᠣᠷᠣᠯᠴᠠᠵᠤ᠂ ᠤᠯᠠᠨᠲᠠ ᠱᠠᠨᠭᠨᠡᠯ ᠮᠸᠳᠡᠯ ᠬᠦᠷᠳᠡᠵᠦ ᠶᠠᠪᠤᠪᠠ᠃ ᠸᠠᠩ ᠵᠢᠶᠠ ᠳ᠋ᠧ᠄《ᠨᠤᠲᠤᠭ ᠤᠰᠤᠨ᠎ᠤ ᠪᠠᠨ ᠢᠷᠠᠭᠤ ᠠᠯᠳᠠᠷ᠎ᠤᠨ ᠲᠦᠯᠦᠭᠡ ᠪᠢᠳᠡ ᠤᠳᠠᠭ᠎ᠠ ᠪᠦᠷᠢ᠎ᠶ᠋ᠢᠨ ᠪᠣᠯᠪᠠᠰᠤᠷᠠᠯ᠎ᠳᠤ ᠬᠢᠨᠠᠮᠠᠭᠠᠢ ᠬᠠᠨᠳᠦᠵᠦ᠂ ᠪᠦᠬᠦ ᠬᠦᠴᠦᠨ᠎ᠶ᠋ᠢᠡᠷ᠎ᠶ᠋ᠢᠡᠨ ᠴᠢᠷᠮᠠᠢᠳᠠᠭ》 ᠭᠡᠵᠦ ᠤᠴᠢᠷᠯᠠᠨ᠎ᠠ᠃

ᠸᠠᠩ ᠵᠢᠶᠠ ᠢ᠂ ᠸᠠᠩ ᠵᠢᠶᠠ ᠳ᠋ᠸ ᠡᠭᠡᠴᠢ ᠳᠡᠭᠦᠦ ᠬᠤᠶᠠᠷ᠎ᠲᠤ ᠦᠨᠳᠦᠷ ᠠᠮᠵᠢᠯᠲᠠ ᠬᠦᠰᠡᠶ᠎ᠡ !


640 (1).jpg


640 (2).jpg


640 (3).jpg


640.jpg


ᠰᠡᠭᠦᠳᠡᠷᠯᠡᠭᠴᠢ᠄ ᠰᠠᠨᠰᠠᠷ ᠨᠢᠦ ᠲᠢᠶᠠᠨ ᠵᠢᠶᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面