ᠰᠣᠶᠣᠯ ᠤᠷᠠᠯᠢᠭ > ᠠᠷᠪᠠᠨ ᠲᠠᠪᠤᠳᠤᠭᠠᠷ ᠬᠤᠭᠤᠴᠠᠭᠠᠨ᠎ᠤ᠋ ᠲᠠᠮᠢᠷ᠎ᠤ᠋ᠨ ᠴᠤᠭᠯᠠᠭᠠᠨ

2023-08-14 09:24:46

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

8 ᠰᠠᠷ᠎ᠠ᠎ᠶ᠋ᠢᠨ 12 ᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠤᠮᠪᠠᠯᠲᠠ᠎ᠶ᠋ᠢᠨ ᠲᠥᠷᠥᠯ᠎ᠤᠨ ᠤᠷᠤᠯᠳᠤᠭᠠᠨ ᠣᠷᠳᠣᠰ ᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠦᠢᠯᠡᠰ᠎ᠦᠨ ᠬᠥᠭ᠌ᠵᠢᠯᠲᠡ᠎ᠶ᠋ᠢᠨ ᠲᠥᠪ᠎ᠦᠨ ᠤᠮᠪᠠᠯᠲᠠ᠎ᠶ᠋ᠢᠨ ᠣᠷᠳᠣᠨ᠎ᠳᠤ ᠦᠨᠳᠦᠷᠯᠡᠪᠡ᠃

8 ᠰᠠᠷ᠎ᠠ᠎ᠶ᠋ᠢᠨ 12 ᠎ᠤ᠋ᠨ ᠡᠳᠦᠷ᠂ 100 ᠮᠧᠲ᠋ᠷ᠎ᠦᠨ ᠡᠷᠪᠡᠬᠡᠶ ᠤᠮᠪᠠᠯᠲᠠ᠂ 50 ᠮᠧᠲ᠋ᠷ᠎ᠦᠨ ᠮᠡᠯᠡᠬᠡᠶ ᠤᠮᠪᠠᠯᠲᠠ (ᠳᠠᠩ ᠲᠦᠷᠦᠯ)᠂ ᠬᠣᠯᠢᠮᠠᠭ ᠤᠮᠪᠠᠯᠲᠠ᠎ᠶ᠋ᠢᠨ ᠪᠦᠷᠢᠨ ᠴᠢᠳᠠᠪᠤᠷᠢ᠎ᠶ᠋ᠢᠨ ᠤᠷᠤᠯᠳᠤᠭᠠᠨ᠎ᠤ 400 ᠮᠧᠲ᠋ᠷ᠎ᠦᠨ ᠴᠢᠯᠥᠭᠡᠲᠦ ᠤᠮᠪᠠᠯᠲᠠ᠂ 100 ᠮᠧᠲ᠋ᠷ᠎ᠦᠨ ᠴᠢᠯᠥᠭᠡᠲᠦ ᠤᠮᠪᠠᠯᠲᠠ᠂ 4×100 ᠮᠧᠲ᠋ᠷ᠎ᠦᠨ ᠬᠣᠯᠢᠮᠠᠭ ᠤᠮᠪᠠᠯᠲᠠ᠎ᠶ᠋ᠢᠨ ᠪᠤᠤᠬᠢᠶ᠎ᠠ ᠤᠮᠪᠠᠯᠲᠠ᠂ 1500 ᠮᠧᠲ᠋ᠷ᠎ᠦᠨ ᠴᠢᠯᠥᠭᠡᠲᠦ ᠤᠮᠪᠠᠯᠲᠠ ᠵᠡᠷᠭᠡ ᠤᠷᠤᠯᠳᠤᠭᠠᠨ᠎ᠤ ᠱᠢᠶ᠋ᠳᠪᠦᠷᠢᠲᠦ ᠤᠷᠤᠯᠳᠤᠭᠠᠨ ᠶᠠᠪᠤᠬᠳᠠᠪᠠ᠃ ᠲᠤᠰ ᠤᠳᠠᠭᠠᠨ᠎ᠤ ᠤᠮᠪᠠᠯᠲᠠ᠎ᠶ᠋ᠢᠨ ᠤᠷᠤᠯᠳᠤᠭᠠᠨ᠎ᠳᠤ ᠨᠡᠢᠲᠡ 9 ᠠᠢᠮᠠᠭ ᠬᠣᠲᠠ᠎ᠶ᠋ᠢᠨ 463 ᠲᠠᠮᠢᠷᠴᠢᠨ ᠣᠷᠣᠯᠴᠠᠪᠠ᠃

ᠤᠢᠯᠠᠭᠠᠭᠰᠠᠨ᠎ᠶ᠋ᠢᠡᠷ᠂ ᠣᠷᠳᠣᠰ ᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠼᠤᠤ ᠸᠧᠶ ᠯᠢᠨ ᠡᠷᠡᠭ᠌ᠲᠡᠶ᠎ᠶ᠋ᠢᠨ ᠬᠠᠮᠲᠤ᠎ᠶ᠋ᠢᠨ ᠤᠮᠪᠠᠯᠲᠠ᠎ᠶ᠋ᠢᠨ ᠪᠦᠷᠢᠨ ᠴᠢᠳᠠᠪᠤᠷᠢ᠎ᠶ᠋ᠢᠨ ᠮᠠᠩᠯᠠᠶ᠎ᠳᠦ ᠲᠤᠳᠤᠷᠠᠵᠠᠢ; ᠲᠦᠩᠯᠢᠶᠣᠤ ᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠤᠨ ᠸᠠᠩ ᠯᠢᠶᠠᠩ ᠭᠦᠸᠧ ᠭᠦᠸᠧ ᠡᠮᠡᠭ᠌ᠲᠡᠶ᠎ᠶ᠋ᠢᠨ ᠤᠯᠠᠭᠠᠨ ᠳᠤᠭᠤᠢᠯᠠᠩ᠎ᠤᠨ 50 ᠮᠧᠲ᠋ᠷ᠎ᠦᠨ ᠮᠡᠯᠡᠬᠡᠶ ᠤᠮᠪᠠᠯᠲᠠ (ᠳᠠᠩ ᠲᠦᠷᠦᠯ) ᠵᠢᠨ ᠮᠠᠩᠯᠠᠶ᠎ᠳᠦ ᠲᠤᠳᠤᠷᠠᠵᠠᠢ; ᠦᠬᠠᠶ ᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠤᠨ ᠯᠢ ᠪᠢᠩ ᠱᠢᠶᠦ᠋ᠨ᠂ ᠴᠢᠦᠢ ᠬᠤᠤ᠂ ᠸᠠᠩ ᠱᠢᠩ ᠢ᠂ ᠸᠠᠩ ᠽᠢ ᠱᠢᠤᠸᠠᠨ ᠡᠷᠡᠭ᠌ᠲᠡᠶ ᠎ᠶ᠋ᠢᠨ ᠤᠯᠠᠭᠠᠨ ᠳᠤᠭᠤᠢᠯᠠᠩ᠎ᠤᠨ 4×100 ᠮᠧᠲ᠋ᠷ᠎ᠦᠨ ᠬᠣᠯᠢᠮᠠᠭ ᠤᠮᠪᠠᠯᠲᠠ᠎ᠶ᠋ᠢᠨ ᠪᠤᠤᠬᠢᠶ᠎ᠠ ᠤᠮᠪᠠᠯᠲᠠ᠎ᠶ᠋ᠢᠨ ᠮᠠᠩᠯᠠᠶ᠎ᠳᠦ ᠲᠤᠳᠤᠷᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面