ᠰᠣᠶᠣᠯ ᠤᠷᠠᠯᠢᠭ > ᠠᠷᠪᠠᠨ ᠲᠠᠪᠤᠳᠤᠭᠠᠷ ᠬᠤᠭᠤᠴᠠᠭᠠᠨ᠎ᠤ᠋ ᠲᠠᠮᠢᠷ᠎ᠤ᠋ᠨ ᠴᠤᠭᠯᠠᠭᠠᠨ

2023-08-14 09:21:47

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

ᠤᠢᠷ᠎ᠠ᠎ᠶᠢᠨ ᠡᠳᠦᠷ᠂ ᠪᠦᠬᠦ᠌ ᠣᠷᠣᠨ᠎ᠤ ᠡᠯ᠎ᠡ ᠭᠠᠵᠠᠷ᠎ᠠᠴᠠ ᠬᠦᠷᠦᠯᠴᠡᠨ ᠢᠷᠡᠭᠰᠡᠨ ᠤᠮᠪᠠᠯᠲᠠ᠎ᠶ᠋ᠢᠨ ᠲᠦᠷᠦᠯ᠎ᠤᠨ ᠤᠷᠤᠯᠳᠤᠭᠠᠨ᠎ᠤ ᠲᠠᠮᠢᠷᠴᠢᠳ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠤ ᠲᠠᠯᠠᠪᠤᠷ ᠣᠷᠳᠣᠨ ᠤᠷᠳᠤᠰ ᠬᠤᠳᠠ᠎ᠶ᠋ᠢᠨ ᠪᠡᠶ᠎ᠡ᠎ᠶ᠋ᠢᠨ ᠲᠠᠮᠢᠷ᠎ᠤᠨ ᠦᠢᠯᠡᠰ᠎ᠦᠨ ᠬᠥᠭ᠌ᠵᠢᠯᠲᠡ᠎ᠶ᠋ᠢᠨ ᠲᠥᠪ᠎ᠦᠨ ᠤᠮᠪᠠᠯᠲᠠ᠎ᠶ᠋ᠢᠨ ᠣᠷᠳᠣᠨ᠎ᠳᠤ ᠤᠶᠤᠨ ᠤᠬᠠᠭᠠᠨ ᠬᠦᠴᠦᠨ ᠴᠢᠳᠠᠯ᠎ᠶ᠋ᠢᠡᠨ ᠰᠤᠷᠢᠨ᠎ᠠ᠃

ᠣᠢᠯᠠᠭᠠᠭ᠍ᠰᠠᠨ᠎ᠢᠶᠠᠷ ᠂ ᠣᠷᠳᠣᠰ ᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠬᠥᠭ᠌ᠵᠢᠯᠲᠡ᠎ᠶ᠋ᠢᠨ ᠲᠥᠪ᠎ᠦᠨ ᠤᠮᠪᠠᠯᠲᠠ᠎ᠶ᠋ᠢᠨ ᠣᠷᠳᠣᠨ ᠪᠣᠯ ᠲᠣᠮᠣ ᠬᠡᠯᠪᠡᠷᠢ᠎ᠶ᠋ᠢᠨ ᠪᠡᠶ᠎ᠡ᠎ᠶ᠋ᠢᠨ ᠲᠠᠮᠢᠷ᠎ᠤᠨ ᠪᠠᠷᠢᠯᠭ᠎ᠠ᠎ᠶ᠋ᠢᠨ ᠬᠥᠬᠡ ᠲᠠᠰ᠎ᠤᠨ ᠨᠢᠭᠡᠳᠦᠭᠡᠷ ᠲᠥᠷᠥᠯ᠎ᠦᠨ ᠣᠷᠳᠣᠨ ᠪᠣᠯᠤᠨ᠎ᠠ᠃ ᠣᠳᠣᠬᠠᠨ᠎ᠳᠤ ᠮᠠᠨ᠎ᠤ ᠤᠷᠤᠨ᠎ᠤ ᠬᠡᠪᠴᠢᠶ᠎ᠡ᠎ᠪᠡᠷ ᠬᠠᠮᠤᠭ᠎ᠤᠨ ᠶᠡᠬᠡ ᠤᠮᠪᠠᠯᠲᠠ᠎ᠶ᠋ᠢᠨ ᠣᠷᠳᠣᠨ ᠪᠣᠯᠤᠨ᠎ᠠ᠂ ᠪᠠᠷᠢᠯᠭ᠎ᠠ᠎ᠶ᠋ᠢᠨ ᠲᠠᠯᠠᠪᠠᠶ᠎ᠨᠢ ᠪᠠᠷᠤᠭ 4.8 ᠲᠦᠮᠡᠨ ᠲᠡᠭ᠌ᠰᠢ ᠳᠥᠷᠪᠡᠯᠵᠢᠨ ᠮᠧᠲ᠋ᠷ᠂ ᠦᠵᠡᠭᠴᠢᠳ᠎ᠤᠨ ᠰᠠᠭᠤᠳᠠᠯ᠎ᠤᠨ ᠲᠣᠭ᠎ᠠ᠎ᠨᠢ 4000 ᠂ ᠤᠰᠤ᠂ ᠢᠯᠴᠢ᠂ ᠴᠠᠬᠢᠯᠭᠠᠨ᠂ ᠬᠡᠶ᠂ ᠭᠠᠯ ᠰᠡᠷᠭᠡᠢᠯᠡᠵᠦ ᠭᠠᠯ ᠤᠨᠲᠠᠷᠠᠭᠠᠬᠤ ᠵᠡᠷᠭᠡ ᠲᠤᠨᠤᠭ ᠲᠥᠬᠥᠭᠡᠷᠦᠮᠵᠢ ᠢᠵᠢ ᠪᠦᠷᠢᠨ᠃ ᠤᠮᠪᠠᠯᠳᠠ ᠵᠢᠨ ᠳᠠᠯᠠᠪᠠᠢ᠎ᠳᠦ ᠣᠯᠠᠨ ᠤᠯᠤᠰ᠎ᠤᠨ ᠪᠠᠷᠢᠮᠵᠢᠶᠠᠲᠤ ᠤᠰᠤ ᠬᠠᠷᠠᠢᠯᠲᠠ᠎ᠶ᠋ᠢᠨ ᠴᠥᠭᠥᠷᠥᠮ 1᠂ ᠣᠯᠠᠨ ᠤᠯᠤᠰ᠎ᠤᠨ ᠪᠠᠷᠢᠮᠵᠢᠶᠠᠲᠤ ᠤᠮᠪᠠᠯᠲᠠ᠎ᠶ᠋ᠢᠨ ᠤᠷᠤᠯᠳᠤᠭᠠᠨ᠎ᠤ ᠴᠥᠭᠥᠷᠥᠮ 1᠂ ᠣᠯᠠᠨ ᠤᠯᠤᠰ᠎ᠤᠨ ᠪᠠᠷᠢᠮᠵᠢᠶᠠᠲᠤ ᠤᠮᠪᠠᠯᠲᠠ᠎ᠶ᠋ᠢᠨ ᠪᠡᠶ᠎ᠡ ᠬᠠᠯᠠᠭᠤᠯᠬᠤ ᠪᠣᠯᠪᠠᠰᠤᠷᠠᠯ᠎ᠤᠨ ᠴᠥᠭᠥᠷᠥᠮ 1 ᠪᠠᠢᠵᠦ᠂ ᠳᠠᠨᠭ᠌ ᠲᠦᠷᠦᠯ᠎ᠦᠨ ᠣᠯᠠᠨ ᠤᠯᠤᠰ᠎ᠤᠨ ᠤᠮᠪᠠᠯᠲᠠ᠎ᠶ᠋ᠢᠨ ᠤᠷᠤᠯᠳᠤᠭᠠᠨ᠂ ᠳᠠᠨᠭ᠌ ᠲᠦᠷᠦᠯ᠎ᠦᠨ ᠣᠯᠠᠨ ᠤᠯᠤᠰ᠎ᠤᠨ ᠤᠰᠤ ᠬᠠᠷᠠᠢᠯᠲᠠ᠎ᠶ᠋ᠢᠨ ᠤᠷᠤᠯᠳᠤᠭᠠᠨ ᠡᠷᠭᠢᠯᠡᠬᠦ᠌ ᠪᠠᠷᠢᠮᠵᠢᠶ᠎ᠠ᠎ᠳᠤ ᠬᠦᠷᠪᠡ᠃

ᠣᠷᠳᠣᠰ ᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠦᠢᠯᠡᠰ᠎ᠦᠨ ᠬᠥᠭ᠌ᠵᠢᠯᠲᠡ᠎ᠶ᠋ᠢᠨ ᠲᠥᠪ᠎ᠦᠨ ᠤᠮᠪᠠᠯᠲᠠ᠎ᠶ᠋ᠢᠨ ᠣᠷᠳᠣᠨ᠎ᠤ ᠳᠠᠷᠤᠭ᠎ᠠ ᠸᠠᠩ ᠶᠦᠨ ᠭᠠᠩ᠄ 《ᠤᠮᠪᠠᠯᠲᠠ᠎ᠶ᠋ᠢᠨ ᠣᠷᠳᠣᠨ ᠨᠢ ᠥᠪᠥᠷ ᠮᠣᠩᠭᠣᠯ᠎ᠤᠨ ᠤᠮᠪᠠᠯᠲᠠ᠎ᠶ᠋ᠢᠨ ᠠᠩᠭᠢ ᠪᠠ ᠣᠷᠳᠣᠰ ᠬᠣᠲᠠ᠎ᠶ᠋ᠢᠨ ᠤᠮᠪᠠᠯᠲᠠ᠎ᠶ᠋ᠢᠨ ᠠᠩᠭᠢ᠎ᠶ᠋ᠢᠨ ᠪᠣᠯᠪᠠᠰᠤᠷᠠᠯ ᠪᠠ ᠤᠷᠤᠯᠳᠤᠭᠠᠨ᠎ᠤ ᠬᠡᠷᠡᠭ᠌ᠴᠡᠭᠡ᠎ᠶ᠋ᠢ ᠬᠠᠩᠭᠠᠬᠤ᠎ᠠᠴᠠ ᠭᠠᠳᠠᠨ᠎ᠠ᠂ ᠪᠠᠰᠠ ᠬᠣᠲᠠ᠎ᠶ᠋ᠢᠨ ᠠᠷᠠᠳ᠎ᠲᠤ ᠦᠨ᠎ᠡ ᠲᠥᠯᠥᠪᠦᠷᠢ ᠦᠭᠡᠢ᠎ᠪᠡᠷ ᠨᠡᠭᠡᠭᠡᠵᠦ᠂ ᠤᠮᠪᠠᠯᠲᠠ᠎ᠶ᠋ᠢᠨ ᠲᠥᠷᠥᠯ ᠵᠦᠶ᠋ᠯ᠎ᠢ ᠳᠡᠯᠭᠡᠷᠡᠭᠦᠯᠦᠨ ᠲᠦᠭᠡᠮᠡᠯᠵᠢᠭᠦᠯᠬᠦ᠌᠎ᠳᠦ ᠬᠦᠴᠦᠨ ᠨᠡᠮᠡᠷᠢᠯᠡᠨ᠎ᠡ᠃ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠤᠮᠪᠠᠯᠲᠠ᠎ᠶ᠋ᠢᠨ ᠲᠥᠷᠥᠯ ᠵᠦᠶ᠋ᠯ᠎ᠦᠨ ᠤᠷᠤᠭ᠍ᠰᠢᠲᠠᠶ ᠶᠠᠪᠤᠭ᠍ᠳᠠᠬᠤ᠎ᠶ᠋ᠢ ᠪᠠᠲᠤᠯᠠᠬᠤ᠎ᠶ᠋ᠢᠨ ᠲᠥᠯᠥᠭᠡ ᠂ ᠲᠠᠯᠠᠪᠤᠷ ᠣᠷᠳᠣᠨ᠎ᠢ ᠤᠷᠤᠯᠳᠤᠭᠠᠨ᠎ᠠᠴᠠ ᠡᠮᠦᠨ᠎ᠡ ᠤᠰᠤᠨ᠎ᠤ ᠴᠢᠨᠠᠷ ᠂ ᠡᠷᠡᠭᠦᠯ ᠬᠠᠮᠠᠭᠠᠯᠠᠯ᠂ ᠡᠮ ᠡᠮᠨᠡᠯᠭᠡ ᠵᠡᠷᠭᠡ ᠲᠠᠯ᠎ᠠ᠎ᠶ᠋ᠢᠨ ᠲᠣᠭᠣᠷᠢᠨ᠎ᠳᠤ ᠪᠦᠬᠦ ᠲᠠᠯ᠎ᠠ᠎ᠶᠢᠨ ᠪᠠᠢᠴᠠᠭᠠᠯᠲᠠ ᠬᠢᠵᠦ᠂ ᠲᠠᠮᠢᠷᠴᠢᠳ᠎ᠲᠤ ᠠᠷᠢᠭᠤᠨ ᠴᠡᠪᠡᠷ᠂ ᠠᠮᠤᠷ ᠲᠦᠪᠰᠢᠨ ᠤᠷᠤᠯᠳᠤᠭᠠᠨ᠎ᠤ ᠣᠷᠴᠢᠨ ᠲᠣᠭᠣᠷᠢᠨ᠎ᠢ ᠪᠦᠷᠢᠯᠳᠦᠭᠦᠯᠪᠡ》 ᠭᠡᠵᠦ ᠶᠠᠷᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面