ᠰᠣᠶᠣᠯ ᠤᠷᠠᠯᠢᠭ > ᠠᠷᠪᠠᠨ ᠲᠠᠪᠤᠳᠤᠭᠠᠷ ᠬᠤᠭᠤᠴᠠᠭᠠᠨ᠎ᠤ᠋ ᠲᠠᠮᠢᠷ᠎ᠤ᠋ᠨ ᠴᠤᠭᠯᠠᠭᠠᠨ

2023-08-15 10:37:02

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

ᠣᠢᠷ᠎ᠠ᠎ᠳᠤ᠂ ᠬᠦᠷᠳᠦᠲᠦ ᠲᠡᠰᠢᠭᠦᠷ᠎ᠤᠨ ᠲᠥᠷᠥᠯ ᠵᠦᠶ᠋ᠯ᠎ᠤᠨ ᠤᠷᠤᠯᠳᠤᠭᠠᠨ ᠣᠷᠳᠣᠰ ᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠠᠵᠢᠯ ᠮᠡᠷᠭᠡᠵᠢᠯ᠎ᠦᠨ ᠳᠤᠮᠳᠠᠳᠤ ᠰᠤᠷᠭᠠᠭᠤᠯᠢ᠎ᠳᠤ ᠬᠦᠭᠵᠢᠶᠡᠨ ᠲᠠᠢ ᠶᠠᠪᠤᠭᠳᠠᠯ᠎ᠠ᠃ ᠤᠷᠤᠯᠳᠤᠭᠠᠨ᠎ᠳᠦ ᠪᠦᠬᠦ᠌ ᠣᠷᠣᠨ᠎ᠤ 9 ᠠᠢᠮᠠᠭ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ᠎ᠶ᠋ᠢᠨ 134 ᠲᠠᠮᠢᠷᠴᠢᠨ᠎ᠣᠷᠣᠯᠴᠠᠵᠦ᠂ 300 ᠮᠧᠲ᠋ᠷ᠎ᠦᠨ ᠬᠤᠪᠢ ᠬᠥᠮᠦᠨ᠎ᠦ ᠴᠠᠭ ᠲᠡᠮᠳᠡᠭ᠌ᠯᠡᠬᠦ᠌ ᠤᠷᠤᠯᠳᠤᠭᠠᠨ᠂ 500 ᠮᠧᠲ᠋ᠷ᠎ᠦᠨ ᠲᠡᠷᠢᠭᠦᠨ ᠰᠢᠯᠭᠠᠷᠠᠭᠤᠯᠬᠤ ᠤᠷᠤᠯᠳᠤᠭᠠᠨ᠂ 1000 ᠮᠧᠲ᠋ᠷ᠎ᠦᠨ ᠴᠠᠭ ᠲᠡᠮᠳᠡᠭ᠌ᠯᠡᠬᠦ᠌ ᠤᠷᠤᠯᠳᠤᠭᠠᠨ᠂ 3000 ᠮᠧᠲ᠋ᠷ᠎ᠦᠨ ᠰᠢᠭᠰᠢᠭᠡ ᠤᠷᠤᠯᠳᠤᠭᠠᠨ᠂ 5000 ᠮᠧᠲ᠋ᠷ᠎ᠦᠨ ᠰᠢᠭᠰᠢᠭᠡ ᠤᠷᠤᠯᠳᠤᠭᠠᠨ ᠵᠡᠷᠭᠡ ᠲᠥᠷᠥᠯ ᠵᠦᠢᠯ᠎ᠦᠨ ᠤᠷᠤᠯᠳᠤᠭᠠᠨ᠎ᠢ ᠲᠣᠬᠢᠷᠠᠭᠤᠯᠵᠤ᠂ 22 ᠠᠯᠲᠠᠨ ᠮᠧᠳᠠᠯ᠎ᠢ ᠱᠢᠯᠭᠠᠷᠠᠭᠤᠯᠪᠠ᠃


微信图片_20230804161927.jpg


ᠬᠦᠷᠳᠦᠲᠦ ᠲᠡᠰᠢᠭᠦᠷ᠎ᠤᠨ ᠤᠷᠤᠯᠳᠤᠭᠠᠨ ᠨᠢ ᠲᠦᠷᠭᠡᠨ ᠲᠠᠰᠢᠯᠲᠠ ᠪᠠ ᠣᠢᠷ᠎ᠠ ᠵᠠᠮ᠎ᠤᠨ ᠲᠦᠷᠭᠡᠨ ᠲᠡᠱᠢᠯᠲᠡ ᠵᠡᠷᠭᠡ ᠮᠥᠰᠥᠨ ᠳᠡᠭᠡᠷᠡᠬᠢ ᠬᠥᠳᠡᠯᠭᠡᠭᠡᠨ ᠲᠠᠢ ᠵᠣᠬᠢᠬᠤ ᠬᠡᠮᠵᠢᠶᠡᠨ᠎ᠦ ᠲᠥᠰᠦᠭᠡᠲᠡᠶ ᠪᠠᠢᠳᠠᠭ᠂ ᠡᠨᠡ ᠤᠳᠠᠭᠠᠨ᠎ᠤ ᠤᠷᠤᠯᠳᠤᠭᠠᠨ᠎ᠳᠤ ᠣᠷᠣᠯᠴᠠᠭ᠍ᠰᠠᠨ ᠮᠠᠰᠢ ᠣᠯᠠᠨ ᠲᠠᠮᠢᠷᠴᠢᠨ ᠪᠣᠯ ᠮᠥᠨ ᠴᠦ᠍ ᠣᠢᠷ᠎ᠠ ᠵᠠᠮ᠎ᠤᠨ ᠲᠦᠷᠭᠡᠨ ᠲᠡᠱᠢᠯᠲᠡ ᠪᠠ ᠲᠦᠷᠭᠡᠨ ᠲᠡᠱᠢᠯᠲᠡ᠎ᠶᠢᠨ ᠲᠠᠮᠢᠷᠴᠢᠨ ᠪᠣᠯᠤᠨ᠎ᠠ᠃

ᠬᠥᠯᠥᠨ ᠪᠤᠢ᠌ᠷ ᠬᠤᠳᠠ ᠪᠤᠯ ᠮᠥᠰᠥ᠍ ᠴᠠᠰᠤᠨ᠎ᠤ ᠬᠥᠳᠡᠯᠭᠡᠭᠡᠨ᠎ᠤ ᠬᠦᠴᠦᠷᠬᠡᠭ ᠶᠡᠬᠡ ᠤᠯᠠᠨ ᠲᠦᠮᠡᠨᠴᠢ ᠰᠠᠭᠤᠷᠢ ᠲᠠᠶ᠃ ᠲᠣᠰ ᠤᠳᠠᠭᠠᠨ᠎ᠤ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠬᠦᠷᠳᠦᠲᠦ ᠲᠡᠰᠢᠭᠦᠷ᠎ᠤᠨ ᠲᠥᠷᠥᠯ ᠵᠦᠶ᠋ᠯ᠎ᠳᠦ᠂ ᠬᠥᠯᠥᠨ ᠪᠣᠢᠷ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ 26 ᠲᠠᠮᠢᠷᠴᠢᠨ ᠲᠣᠮᠢᠯᠠᠵᠤ᠂ ᠤᠷᠤᠯᠳᠤᠭᠠᠨ᠎ᠤ ᠠᠩᠬᠠᠨ᠎ᠤ ᠡᠳᠦᠷ 3 ᠠᠯᠲᠠᠨ ᠮᠧᠳᠠᠯ ᠭᠠᠷᠳᠠᠪᠠ᠃ ᠬᠥᠯᠥᠨ ᠪᠣᠢᠷ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ᠎ᠶ᠋ᠢᠨ ᠳᠠᠰᠭᠠᠯᠵᠢᠭᠤᠯᠤᠭ᠍ᠴᠢ ᠢᠦᠶ ᠶᠠᠩ᠄ 《ᠮᠠᠨ᠎ᠤ ᠡᠨᠡ ᠤᠳᠠᠭᠠᠨ᠎ᠤ ᠤᠷᠤᠯᠳᠤᠭᠠᠨ᠎ᠳᠤ ᠣᠷᠣᠯᠴᠠᠭ᠍ᠰᠠᠨ ᠲᠠᠮᠢᠷᠴᠢᠳ ᠦᠨᠳᠦᠰᠦᠨ᠎ᠳᠡᠭᠡᠨ ᠴᠥᠮ ᠣᠢᠷ᠎ᠠ ᠵᠠᠮ᠎ᠤᠨ ᠲᠦᠷᠭᠡᠨ ᠲᠡᠱᠢᠯᠲᠡ ᠪᠠ ᠲᠦᠷᠭᠡᠨ ᠲᠡᠱᠢᠯᠲᠡ᠎ᠶᠢᠨ ᠲᠠᠮᠢᠷᠴᠢᠨ ᠪᠤᠯᠤᠨ᠎ᠠ》 ᠭᠡᠵᠦ᠍ ᠬᠡᠯᠡᠪᠡ᠃


微信图片_20230804163227.jpg


ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠠᠮᠵᠢᠯᠲᠠ ᠲᠠᠶ ᠡᠷᠭᠢᠯᠡᠬᠦ᠌᠎ᠶ᠋ᠢ ᠳᠠᠭᠠᠯᠳᠤᠨ᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ ᠨᠢ ᠵᠠᠯᠠᠭᠤᠴᠤᠳ ᠪᠠᠭᠠᠴᠤᠳ᠎ᠲᠤ ᠲᠠᠭᠠᠰᠢᠶᠠᠭᠳᠠᠭᠰᠠᠨ ᠲᠠᠮᠢᠷ᠎ᠤᠨ ᠬᠥᠳᠡᠯᠭᠡᠭᠡᠨ ᠪᠣᠯᠵᠣ᠂ 《ᠭᠤᠷᠪᠠᠨ ᠳ᠋ᠦᠩᠱᠢᠭᠤᠷ ᠬᠥᠮᠦᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠳᠦ ᠣᠷᠣᠯᠴᠠᠬᠤ》 ᠬᠦᠰᠡᠯ ᠡᠷᠡᠮᠡᠯᠵᠡᠯ᠎ᠨᠢᠭᠡᠨᠲᠡ ᠪᠡᠶᠡᠯᠡᠭᠳᠡᠭᠰᠡᠨ ᠪᠠᠢᠨ᠎ᠠ᠃ ᠬᠦᠷᠳᠦᠳᠦ ᠲᠡᠰᠢᠭᠦᠷ ᠪᠣᠯ ᠬᠡᠭᠡᠷ᠎ᠡ᠎ᠶ᠋ᠢᠨ ᠴᠡᠨᠡᠯᠡᠯᠲᠡ᠎ᠶ᠋ᠢᠨ ᠲᠥᠷᠥᠯ ᠵᠦᠢᠯ᠎ᠦᠨ ᠵᠤᠨ᠎ᠤ ᠤᠯᠠᠷᠢᠯ᠎ᠤᠨ ᠬᠦᠳᠡᠯᠭᠡᠭᠡᠨ᠎ᠤ ᠲᠦᠷᠦᠯ ᠵᠦᠢᠯ ᠪᠤᠯᠤᠨ᠎ᠠ᠃ ᠲᠡᠷᠡ ᠨᠢ ᠤᠯᠠᠮᠵᠢᠯᠠᠯᠲᠤ ᠬᠡᠭᠡᠷ᠎ᠡ᠎ᠶ᠋ᠢᠨ ᠴᠡᠨᠡᠯᠡᠯᠲᠡ᠎ᠶᠢᠨ ᠵᠥᠪᠬᠡᠨ ᠡᠪᠦᠯ᠎ᠤᠨ ᠤᠯᠠᠷᠢᠯ᠎ᠳᠤ ᠪᠣᠯᠪᠠᠰᠤᠷᠠᠯ ᠥᠷᠨᠢᠭᠦᠯᠬᠦ᠌᠎ᠶ᠋ᠢᠨ ᠬᠢᠵᠠᠭᠠᠷᠲᠤ ᠴᠢᠨᠠᠷ᠎ᠢ ᠲᠠᠪᠠᠵᠦ᠂ ᠡᠪᠤᠯ᠎ᠤᠨ ᠤᠯᠠᠷᠢᠯ ᠡᠴᠡ ᠪᠤᠰᠤᠳ ᠤᠯᠠᠷᠢᠯ᠎ᠳᠦ ᠴᠸ᠋ ᠪᠤᠯᠪᠠᠰᠤᠷᠠᠵᠦ ᠪᠤᠯᠬᠤ ᠨᠢᠭᠡ ᠵᠦᠢᠯ᠎ᠤᠨ ᠪᠡᠶ᠎ᠡ᠎ᠶᠢᠨ ᠲᠠᠮᠢᠷ᠎ᠤᠨ ᠬᠦᠳᠡᠯᠭᠡᠭᠡᠨ ᠮᠦᠨ᠃

ᠥᠪᠡᠷᠲᠡᠭᠡᠨ ᠵᠠᠰᠠᠬᠤ ᠣᠷᠣᠨ᠎ᠤ ᠦᠷᠢᠰᠦᠯᠳᠦᠭᠡᠨᠳᠦ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠲᠥᠪ᠂ ᠥᠪᠡᠷᠲᠡᠭᠡᠨ ᠵᠠᠰᠠᠬᠤ ᠣᠷᠣᠨ᠎ᠤ ᠡᠪᠦᠯ᠎ᠦᠨ ᠤᠯᠠᠷᠢᠯ᠎ᠤᠨ ᠲᠦᠷᠦᠯ ᠵᠦᠢᠯ᠎ᠦᠨ ᠪᠡᠶ᠎ᠡ᠎ᠶ᠋ᠢᠨ ᠲᠠᠮᠢᠷ᠎ᠤᠨ ᠲᠥᠪ᠎ᠦᠨ ᠳᠡᠳ᠋ ᠡᠷᠬᠢᠯᠡᠭ᠌ᠴᠢ ᠱᠢᠤᠢ ᠵᠢᠩ ᠢ᠄ 《ᠬᠦᠷᠳᠦᠲᠦ ᠲᠡᠱᠢᠬᠦᠷ᠎ᠤᠨ ᠲᠦᠷᠦᠯ ᠵᠦᠢᠯ ᠪᠣᠯ ᠳᠠᠷᠤᠢ ᠡᠪᠦᠯ᠎ᠦᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠲᠦᠷᠦᠯ ᠵᠦᠢᠯ᠎ᠦᠨ ᠵᠤᠨ᠎ᠤ ᠤᠯᠠᠷᠢᠯ᠎ᠤᠨ ᠪᠣᠯᠪᠠᠰᠤᠷᠠᠯ᠎ᠤᠨ ᠠᠷᠭ᠎ᠠ ᠪᠠᠷᠢᠯ ᠪᠣᠯᠤᠨ᠎ᠠ᠃ ᠣᠢᠷ᠎ᠠ᠎ᠶ᠋ᠢᠨ ᠵᠢᠯ᠎ᠳᠦ᠂ ᠣᠯᠠᠨ ᠲᠦᠮᠡᠨᠴᠢ ᠪᠡᠶ᠎ᠡ᠎ᠶ᠋ᠢᠨ ᠲᠠᠮᠢᠷ᠎ᠤᠨ ᠥᠷᠨᠢᠨ ᠬᠥᠭ᠌ᠵᠢᠬᠦ᠎ᠵᠢ ᠳᠠᠭᠠᠯᠳᠤᠨ ᠬᠦᠷᠳᠦᠲᠦ ᠲᠡᠱᠢᠬᠦᠷ᠎ᠤᠨ ᠲᠥᠷᠥᠯ ᠵᠦᠢᠯ ᠥᠷᠭᠡᠨ ᠳᠡᠯᠭᠡᠷ ᠬᠦᠭᠵᠢᠵᠦ ᠪᠤᠢ᠂ ᠬᠦᠷᠳᠦᠲᠦ ᠲᠡᠱᠢᠭᠦᠷ᠎ᠤᠨ ᠲᠥᠷᠥᠯ ᠵᠦᠢᠯ᠎ᠢ ᠳᠡᠭᠡᠷ᠎ᠡ ᠨᠢᠭᠡ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠲᠠᠮᠢᠷ᠎ᠤᠨ ᠴᠤᠭ᠍ᠯᠠᠭᠠᠨ᠎ᠳᠦ ᠡᠬᠢᠯᠡᠨ ᠤᠷᠤᠭᠤᠯᠪᠠ》 ᠭᠡᠵᠦ ᠶᠠᠷᠢᠵᠦ ᠪᠠᠢᠯ᠎ᠠ᠃


微信图片_20230804163231.jpg

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面