2023-08-15 10:50:48
ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠬᠤᠭᠤᠴᠠᠭᠠᠨ᠎ᠳᠤ᠂ ᠣᠷᠳᠣᠰ ᠬᠣᠲᠠ᠎ᠶ᠋ᠢᠨ ᠠᠩᠬᠠᠳᠠᠭ᠍ᠴᠢ ᠤᠶᠤᠨᠲᠤ ᠪᠡᠶ᠎ᠡ᠎ᠶ᠋ᠢᠨ ᠲᠠᠮᠢᠷ᠎ᠤᠨ ᠴᠡᠴᠡᠷᠯᠢᠭ ᠠᠰᠢᠭᠯᠠᠯᠲᠠ᠎ᠳᠦ ᠤᠷᠤᠭᠰᠠᠨ ᠪᠠᠢᠨ᠎ᠠ᠃


ᠴᠡᠴᠡᠷᠯᠢᠭ᠎ᠨᠢ ᠣᠷᠳᠣᠰ᠎ᠤᠨ ᠣᠯᠠᠨ ᠤᠯᠤᠰ᠎ᠤᠨ ᠦᠵᠡᠰᠭᠦᠯᠡᠩ᠎ᠦᠨ ᠲᠥᠪ᠎ᠦᠨ ᠡᠮᠦᠨ᠎ᠡ ᠲᠠᠯ᠎ᠠ᠎ᠳᠤ ᠪᠠᠢᠷᠢᠯᠠᠵᠤ᠂ ᠤᠷᠳᠤᠰ ᠬᠣᠲᠠ᠎ᠶ᠋ᠢᠨ ᠠᠩᠬᠠᠳᠠᠭ᠍ᠴᠢ ᠤᠶᠤᠨᠲᠤ ᠪᠡᠶ᠎ᠡ᠎ᠶ᠋ᠢᠨ ᠲᠠᠮᠢᠷ᠎ᠤᠨ ᠴᠡᠴᠡᠷᠯᠢᠭ ᠪᠣᠯᠤᠨ᠎ᠠ᠃ ᠴᠡᠴᠡᠷᠯᠢᠭ᠎ᠦᠨ ᠲᠠᠯᠠᠪᠠᠢ ᠨᠢ ᠪᠠᠷᠤᠭ 19.7 ᠲᠦᠮᠡᠨ ᠲᠡᠭ᠌ᠰᠢ ᠳᠥᠷᠪᠡᠯᠵᠢᠨ ᠮᠧᠲ᠋ᠷ ᠪᠠᠢᠵᠤ᠂ ᠣᠯᠠᠨ ᠵᠦᠶ᠋ᠯ᠎ᠦᠨ ᠪᠡᠶ᠎ᠡ ᠴᠢᠭᠢᠷᠠᠭ᠍ᠵᠢᠭᠤᠯᠬᠤ᠂ ᠰᠡᠯᠡᠭᠦᠴᠡᠬᠦ᠌᠂ ᠠᠮᠠᠷᠠᠬᠤ ᠲᠦᠭᠦᠭᠡᠷᠦᠮᠵᠢ᠎ᠲᠠᠶ᠃ ᠴᠡᠴᠡᠷᠯᠢᠭ᠎ᠢ ᠢᠳᠡᠷ ᠥᠲᠡᠯᠦᠭᠡ ᠨᠠᠰᠤᠨ᠎ᠤ ᠬᠥᠳᠡᠯᠭᠡᠭᠡᠨ᠎ᠦ ᠲᠣᠭᠣᠷᠢᠭ᠂ ᠵᠠᠯᠠᠭᠤᠴᠤᠳ᠎ᠤᠨ ᠬᠥᠳᠡᠯᠭᠡᠭᠡᠨ᠎ᠦ ᠲᠣᠭᠣᠷᠢᠭ᠂ ᠪᠠᠭᠠᠴᠤᠳ᠎ᠤᠨ ᠬᠥᠳᠡᠯᠭᠡᠭᠡᠨ᠎ᠦ ᠲᠣᠭᠣᠷᠢᠭ᠂ ᠬᠡᠦᠬᠡᠳ᠎ᠦᠨ ᠬᠥᠳᠡᠯᠭᠡᠭᠡᠨ᠎ᠦ ᠲᠣᠭᠣᠷᠢᠭ᠂ ᠶᠡᠷᠦᠩᠬᠡᠢᠯᠡᠭ᠌ᠰᠡᠨ ᠬᠥᠳᠡᠯᠭᠡᠭᠡᠨ᠎ᠦ ᠲᠣᠭᠣᠷᠢᠭ ᠵᠡᠷᠭᠡ ᠲᠠᠪᠤᠨ ᠶᠡᠬᠡ ᠣᠷᠣᠨ ᠲᠣᠭᠣᠷᠢᠭ ᠬᠤᠪᠢᠶᠠᠪᠠ᠃


ᠴᠡᠴᠡᠷᠯᠢᠭ᠎ᠦᠨ ᠳᠣᠲᠣᠷ᠎ᠠ ᠲᠣᠣᠷ ᠪᠥᠮᠪᠥᠭᠡᠨ ᠲᠠᠯᠠᠪᠤᠷ᠂ ᠰᠠᠭ᠍ᠰᠤᠨ ᠪᠥᠮᠪᠥᠭᠡᠨ ᠲᠠᠯᠠᠪᠤᠷ᠂ ᠥᠳᠥᠨ ᠪᠥᠮᠪᠥᠭᠡᠨ ᠲᠠᠯᠠᠪᠤᠷ᠂ ᠫᠢᠩᠫᠠᠩ ᠪᠥᠮᠪᠥᠭᠡᠨ ᠲᠠᠯᠠᠪᠤᠷ᠂ ᠬᠥᠯ ᠪᠥᠮᠪᠥᠭᠡᠨ ᠲᠠᠯᠠᠪᠤᠷ ᠵᠡᠷᠭᠡ ᠡᠯ᠎ᠡ ᠲᠥᠷᠥᠯ᠎ᠦᠨ ᠲᠠᠮᠢᠷ᠎ᠤᠨ ᠲᠠᠯᠠᠪᠤᠷ ᠲᠠᠢ ᠪᠠᠢᠵᠤ᠂ 12 ᠵᠦᠢᠯ᠎ᠦᠨ ᠲᠠᠮᠢᠷ᠎ᠤᠨ ᠬᠥᠳᠡᠯᠭᠡᠭᠡᠨ᠎ᠢ ᠵᠡᠷᠭᠡ᠎ᠪᠡᠷ ᠥᠷᠨᠢᠭᠦᠯᠵᠦ᠍ ᠪᠣᠯᠳᠠᠭ ᠪᠦᠭᠡᠳ 800 ᠬᠥᠮᠦᠨ᠎ᠦ ᠪᠡᠶ᠎ᠡ ᠴᠢᠭᠢᠷᠠᠭ᠍ᠵᠢᠭᠤᠯᠬᠤ᠂ 1800 ᠬᠥᠮᠦᠨ᠎ᠦ ᠲᠤᠭᠤᠷᠢᠨ ᠰᠡᠯᠡᠭᠦᠴᠡᠬᠦ ᠠᠵᠢᠯᠯᠠᠭ᠎ᠠ ᠵᠢ ᠬᠠᠮᠳᠤ ᠳ᠋ᠤᠨᠢ ᠦᠷᠨᠢᠬᠦᠯᠵᠦ ᠪᠣᠯᠳᠠᠭ᠃
ᠤᠢᠯᠠᠭᠠᠭᠰᠠᠨ ᠵᠢᠡᠷ᠂ ᠲᠤᠰ ᠴᠡᠴᠡᠷᠯᠢᠭ᠎ᠲᠦ ᠣᠷᠳᠣᠰ ᠬᠣᠲᠠ᠎ᠶ᠋ᠢᠨ ᠠᠩᠬᠠᠳᠠᠭ᠍ᠴᠢ ᠤᠶᠤᠨᠲᠤ ᠭᠦᠶᠦᠯᠲᠡ᠎ᠶ᠋ᠢᠨ ᠵᠠᠮ᠎ᠢ ᠲᠤᠬᠢᠷᠠᠭᠤᠯᠵᠦ᠂ ᠬᠦᠶᠦᠯᠳᠡ ᠵᠢᠨ ᠵᠠᠮ᠎ᠤᠨ ᠪᠥᠬᠥ᠌ ᠣᠷᠳᠣᠨ᠎ᠢ 1320 ᠮᠧᠲ᠋ᠷ ᠪᠤᠢ᠃ ᠭᠦᠶᠦᠯᠲᠡ᠎ᠶ᠋ᠢᠨ ᠵᠠᠮ᠎ᠳᠤ ᠣᠶᠤᠨᠯᠢᠭ ᠦᠢᠯᠡᠳᠦᠯ ᠴᠢᠳᠠᠪᠬᠢ ᠲᠠᠢ᠂ ᠬᠣᠲᠠ᠎ᠶ᠋ᠢᠨ ᠠᠷᠠᠳ ᠰᠦᠯᠵᠢᠶ᠎ᠡ ᠪᠡᠷ ᠬᠤᠪᠢ ᠬᠥᠮᠦᠨ᠎ᠦ ᠮᠡᠳᠡᠭᠡ ᠵᠠᠩᠭᠢ ᠪᠠᠨ ᠳᠠᠩᠰᠠᠯᠠᠭᠤᠯᠵᠤ ᠪᠣᠯᠤᠨ᠎ᠠ᠃ ᠴᠡᠴᠡᠷᠯᠢᠭ᠎ᠲᠦ AR ᠬᠠᠷᠢᠯᠴᠠᠨ ᠦᠶ᠋ᠯᠡᠳᠦᠯᠴᠡᠬᠦ᠌ ᠲᠣᠮᠣ ᠳᠡᠯᠭᠡᠴᠡ ᠵᠡᠷᠭᠡ ᠣᠶᠤᠨᠴᠢ ᠪᠡᠶᠡᠴᠢᠯᠡᠨ ᠣᠢᠯᠠᠭᠠᠬᠤ ᠲᠥᠬᠥᠭᠡᠷᠦᠮᠵᠢ ᠲᠤᠬᠢᠷᠠᠭᠤᠯᠵᠤ᠂ ᠴᠡᠴᠡᠷᠯᠢᠭ᠎ᠦᠨ ᠲᠥᠪ ᠪᠠᠢᠷᠢ᠎ᠶ᠋ᠢᠨ ᠬᠡᠦᠬᠡᠳ᠎ᠦᠨ ᠬᠥᠳᠡᠯᠭᠡᠭᠡᠨ᠎ᠦ ᠲᠣᠭᠣᠷᠢᠭ᠎ᠲᠤ ᠭᠤᠯᠭᠤᠭᠤᠷ ᠱᠠᠲᠤ᠂ ᠰᠣᠨᠢᠭᠤᠴᠢ ᠭᠦᠶᠦᠯᠲᠡ᠎ᠶ᠋ᠢᠨ ᠵᠠᠮ᠂ ᠴᠡᠩᠭᠡᠯ᠎ᠦᠨ ᠬᠦᠷᠢᠶᠡᠯᠡᠩ ᠵᠡᠷᠭᠡ ᠮᠠᠰᠢ ᠣᠯᠠᠨ ᠰᠣᠨᠢᠷᠬᠠᠯᠲᠠᠶ ᠬᠥᠳᠡᠯᠭᠡᠭᠡᠨ᠎ᠦ ᠲᠥᠬᠥᠭᠡᠷᠦᠮᠵᠢ ᠲᠤᠬᠢᠷᠠᠭᠤᠯᠪᠠ᠃


- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃