2023-08-16 10:51:48
ᠰᠠᠶᠢᠬᠠᠨ ᠦᠨᠳᠦᠷᠯᠡᠭᠰᠡᠨ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠪᠡᠶ᠎ᠡ ᠶ᠋ᠢᠨ ᠲᠠᠮᠢᠷ᠎ᠤᠨ ᠴᠤᠭ᠍ᠯᠠᠭᠠᠨ᠎ᠤ ᠬᠥᠯ ᠪᠥᠮᠪᠥᠭᠡ᠎ᠶ᠋ᠢᠨ ᠤᠷᠤᠯᠳᠤᠭᠠᠨ᠎ᠳᠦ᠂ ᠬᠥᠬᠡᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ ᠡᠷᠡᠭ᠌ᠲᠡᠶ᠎ᠶ᠋ᠢᠨ ᠬᠥᠬᠡ ᠳᠤᠭᠤᠢᠯᠠᠩ᠎ᠤᠨ ᠮᠠᠩᠯᠠᠶ᠂ ᠡᠮᠡᠭ᠌ᠲᠡᠶ᠎ᠶ᠋ᠢᠨ ᠬᠥᠬᠡ ᠳᠤᠭᠤᠢᠯᠠᠩ᠎ᠤᠨ ᠮᠠᠩᠯᠠᠶ ᠪᠠ ᠡᠷᠡᠭ᠌ᠲᠡᠶ᠎ᠶ᠋ᠢᠨ ᠬᠥᠬᠡᠭ᠌ᠴᠢᠨ ᠳᠤᠭᠤᠢᠯᠠᠩ᠎ᠤᠨ ᠮᠠᠩᠯᠠᠶ᠂ ᠡᠮᠡᠭ᠌ᠲᠡᠶ᠎ᠶ᠋ᠢᠨ ᠤᠯᠠᠭᠠᠨ ᠳᠤᠭᠤᠢᠯᠠᠩ᠎ᠤᠨ ᠬᠣᠶᠠᠳᠤᠭᠠᠷ᠎ᠲᠤ ᠲᠤᠳᠤᠷᠠᠭᠰᠠᠨ ᠰᠠᠢᠨ ᠬᠢᠷᠢ ᠪᠦᠲᠦᠮᠵᠢ ᠤᠯᠵᠠᠢ᠃

ᠬᠥᠬᠡ ᠳᠤᠭᠤᠢᠯᠠᠩ᠎ᠤᠨ ᠤᠷᠤᠯᠳᠤᠭᠠᠨ᠎ᠳᠦ᠂ ᠬᠥᠬᠡᠬᠣᠲᠠ᠎ᠶ᠋ᠢᠨ ᠡᠮᠡᠭ᠌ᠲᠡᠶ᠎ᠶ᠋ᠢᠨ ᠠᠩᠭᠢ 3᠄ 0᠎ᠤ᠋ᠨ ᠬᠢᠷᠢ ᠪᠦᠳᠦᠮᠵᠢ ᠪᠡᠷ ᠣᠷᠳᠣᠰ ᠬᠣᠲᠠ᠎ᠶ᠋ᠢᠨ ᠡᠮᠡᠭ᠌ᠲᠡᠶ᠎ᠶ᠋ᠢᠨ ᠠᠩᠭᠢ᠎ᠶ᠋ᠢ ᠢᠯᠠᠵᠤ᠂ ᠬᠥᠬᠡᠬᠣᠲᠠ᠎ᠶ᠋ᠢᠨ ᠡᠷᠡᠭ᠌ᠲᠡᠶ᠎ᠶ᠋ᠢᠨ ᠠᠩᠭᠢ 1᠄ 0 ᠬᠢᠷᠢ ᠪᠦᠳᠦᠮᠵᠢ ᠪᠡᠷ ᠪᠤᠭᠤᠲᠤ ᠬᠣᠲᠠ᠎ᠶ᠋ᠢᠨ ᠡᠷᠡᠭ᠌ᠲᠡᠶ᠎ᠶ᠋ᠢᠨ ᠠᠩᠭᠢ᠎ᠶ᠋ᠢ ᠢᠯᠠᠵᠤ ᠲᠤᠰ ᠲᠤᠰ ᠮᠠᠩᠯᠠᠢ᠎ᠳᠦ ᠲᠤᠳᠤᠷᠠᠯ᠎ᠠ᠃
ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠪᠡᠶ᠎ᠡ ᠶ᠋ᠢᠨ ᠲᠠᠮᠢᠷ᠎ᠤᠨ ᠴᠤᠭ᠍ᠯᠠᠭᠠᠨ᠎ᠳᠤ ᠪᠡᠯᠡᠳᠭᠡᠬᠦ᠌᠎ᠶ᠋ᠢᠨ ᠲᠥᠯᠥᠭᠡ᠂ ᠬᠥᠬᠡᠬᠣᠲᠠ᠎ᠶ᠋ᠢᠨ ᠡᠯ᠎ᠡ ᠳᠤᠭᠤᠢᠯᠠᠩ᠎ᠤᠨ ᠬᠥᠯ ᠪᠥᠮᠪᠥᠭᠡ᠎ᠶ᠋ᠢᠨ ᠠᠩᠭᠢ ᠪᠦᠬᠦ᠌ ᠬᠣᠲᠠ᠎ᠶᠢᠨ ᠬᠡᠪᠴᠢᠶ᠎ᠡ ᠪᠡᠷ ᠱᠢᠯᠢᠳᠡᠭ ᠲᠠᠮᠢᠷᠴᠢᠨ᠎ᠢ ᠰᠢᠯᠭᠠᠷᠠᠭᠤᠯᠤᠨ ᠰᠤᠩᠭᠤᠵᠤ᠂ ᠤᠷᠤᠯᠳᠤᠭᠠᠨ᠎ᠠᠴᠠ ᠡᠮᠦᠨ᠎ᠡ ᠤᠷᠲᠤ ᠬᠤᠭᠤᠴᠠᠭ᠎ᠠ᠎ᠪᠠᠷ ᠲᠥᠪᠯᠡᠷᠡᠭᠦᠯᠦᠨ ᠪᠣᠯᠪᠠᠰᠤᠷᠠᠭᠤᠯᠪᠡ᠃ ᠬᠥᠬᠡᠬᠣᠲᠠ᠎ᠶ᠋ᠢᠨ ᠬᠥᠯ ᠪᠥᠮᠪᠥᠭᠡ᠎ᠶ᠋ᠢᠨ ᠬᠥᠳᠡᠯᠭᠡᠭᠡᠨ ᠪᠣᠯᠤᠨ ᠨᠡᠢᠭᠡᠮ᠎ᠦᠨ ᠪᠡᠶ᠎ᠡ᠎ᠶ᠋ᠢᠨ ᠲᠠᠮᠢᠷ᠎ᠤᠨ ᠬᠥᠭ᠌ᠵᠢᠯᠲᠡ᠎ᠶ᠋ᠢᠨ ᠲᠥᠪ᠎ᠦᠨ ᠡᠷᠬᠢᠯᠡᠭ᠌ᠴᠢ ᠯᠢᠦ ᠶᠦᠩ᠄ 《ᠡᠨᠡ ᠤᠳᠠᠭ᠎ᠠ᠎ᠶ᠋ᠢᠨ ᠤᠷᠤᠯᠳᠤᠭᠠᠨ᠎ᠳᠤ ᠣᠷᠣᠯᠴᠠᠭᠰᠠᠨ ᠬᠥᠬᠡᠬᠣᠲᠠ᠎ᠶ᠋ᠢᠨ ᠠᠩᠭᠢ᠎ᠶᠢᠨ ᠲᠠᠮᠢᠷᠴᠢᠳᠪᠤᠯ ᠪᠦᠷ ᠱᠢᠯᠢᠳᠡᠭ ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡ᠎ᠶ᠋ᠢᠨ ᠲᠠᠮᠢᠷᠴᠢᠨ ᠪᠤᠯᠤᠨ᠎ᠠ᠂ ᠢᠯᠠᠩᠭᠤᠶ᠎ᠠ ᠡᠷᠡᠭ᠌ᠲᠡᠶ᠎ᠶ᠋ᠢᠨ ᠬᠥᠯ ᠪᠥᠮᠪᠥᠭᠡ᠎ᠶ᠋ᠢᠨ ᠲᠠᠮᠢᠷᠴᠢᠳ᠎ᠤᠨ ᠨᠥᠭᠡᠴᠡ ᠬᠦᠴᠦᠨ ᠤᠯᠠᠨ᠂ ᠴᠢᠳᠠᠪᠤᠷᠢᠲᠠᠨ ᠰᠣᠩᠭᠣᠬᠤ ᠬᠡᠪᠴᠢᠶ᠎ᠡ ᠥᠷᠭᠡᠨ᠃ ᠡᠷᠡᠭ᠌ᠲᠡᠢ᠎ᠶ᠋ᠢᠨ ᠬᠦᠬᠡ ᠳᠤᠭᠤᠢᠯᠠᠩ᠎ᠤᠨ ᠬᠢᠨ ᠬᠥᠬᠡᠬᠣᠲᠠ᠎ᠶ᠋ᠢᠨ ᠬᠣᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠬᠦᠯ ᠪᠥᠮᠪᠥᠭᠡ᠎ᠶ᠋ᠢᠨ ᠠᠩᠬᠢ᠎ᠪᠠᠷ ᠰᠠᠭᠤᠷᠢ ᠪᠣᠯᠭᠠᠵᠤ᠂ 4 ᠰᠤᠷᠭᠠᠭᠤᠯᠢ᠎ᠶ᠋ᠢᠨ ᠲᠠᠮᠢᠷᠴᠢᠨ ᠡᠴᠡ ᠰᠤᠨᠭᠭᠤᠨ ᠰᠢᠯᠭᠠᠷᠠᠭᠤᠯᠤᠭᠰᠠᠨ ᠪᠠᠢᠨ᠎ᠠ》 ᠭᠡᠵᠦ ᠶᠠᠷᠢᠯ᠎ᠠ᠃

ᠤᠢᠯᠠᠭᠠᠭᠰᠠᠨ᠎ᠶ᠋ᠢᠡᠷ᠂ ᠬᠥᠬᠡᠬᠣᠲᠠ᠎ᠶ᠋ᠢᠨ ᠬᠦᠯ ᠪᠥᠮᠪᠥᠭᠡ᠎ᠶ᠋ᠢᠨ ᠠᠩᠬᠢ 10 ᠵᠢᠯ ᠱᠢᠬᠠᠮ᠎ᠤᠨ ᠬᠥᠭ᠌ᠵᠢᠯᠲᠡ᠎ᠶ᠋ᠢ ᠥᠩᠭᠡᠷᠡᠭᠡᠭᠡᠳ᠂ ᠵᠠᠯᠠᠭᠤᠴᠤᠳ᠎ᠤᠨ ᠬᠦᠯ ᠪᠦᠮᠪᠦᠭᠡ ᠵᠢᠨ ᠪᠣᠯᠪᠠᠰᠤᠷᠠᠯ᠎ᠤᠨ ᠱᠢᠰᠲ᠋ᠧᠮ᠎ᠢ ᠠᠩᠬ᠎ᠠ ᠠᠯᠬᠤᠮ ᠪᠦᠷᠢᠯᠳᠦᠬᠦᠯᠵᠦ᠂ ᠴᠢᠳᠠᠪᠤᠷᠢᠲᠠᠨ ᠬᠥᠮᠦᠵᠢᠭᠦᠯᠬᠦ᠌ ᠰᠠᠭᠤᠷᠢ᠎ᠶ᠋ᠢ ᠰᠠᠢᠲᠤᠷ ᠲᠠᠯᠪᠢᠵᠤ ᠴᠢᠳᠠᠭ᠍ᠰᠠᠨ ᠪᠠᠢᠨ᠎ᠠ᠃ ᠤᠷᠤᠯᠳᠤᠭᠠᠨ᠎ᠤ ᠲᠠᠯ᠎ᠠ᠎ᠪᠠᠷ᠂ 《ᠰᠤᠷᠭᠠᠭᠤᠯᠢ᠎ᠶ᠋ᠢᠨ ᠵᠠᠬᠢᠷᠤᠯ ᠬᠤᠨᠳᠠᠭᠠᠲᠤ》᠂ 《ᠲᠣᠭᠣᠷᠢᠭ᠎ᠤᠨ ᠳᠠᠷᠤᠭ᠎ᠠ ᠬᠤᠨᠳᠠᠭᠠᠲᠤ》᠂《ᠬᠣᠲᠠ᠎ᠶ᠋ᠢᠨ ᠳᠠᠷᠤᠭ᠎ᠠ ᠬᠤᠨᠳᠠᠭᠠᠲᠤ》᠎ᠡᠴᠠ 《ᠲᠡᠷᠢᠭᠦᠯᠡᠭ᠌ᠴᠢ ᠬᠤᠨᠳᠠᠭᠠᠲᠤ》 ᠬᠦᠷᠲᠡᠯᠡᠬᠢ ᠪᠦᠷᠢᠨ ᠪᠦᠲᠦᠨ ᠤᠷᠤᠯᠳᠤᠭᠠᠨ᠎ᠤ ᠱᠢᠰᠲ᠋ᠧᠮ᠎ᠢ ᠪᠦᠷᠢᠯᠳᠦᠭᠦᠯᠪᠡ᠃ ᠪᠣᠯᠪᠠᠰᠤᠷᠠᠯ᠎ᠤᠨ ᠲᠠᠯ᠎ᠠ ᠪᠠᠷ᠂ ᠨᠡᠢᠭᠡᠮ᠎ᠦᠨ ᠵᠠᠯᠠᠭᠤᠴᠤᠳ᠎ᠤᠨ ᠪᠣᠯᠪᠠᠰᠤᠷᠠᠯ᠎ᠤᠨ ᠪᠠᠢᠭᠤᠯᠤᠮᠵᠢ᠎ᠵᠢ ᠳᠡᠯᠭᠡᠷᠡᠭᠦᠯᠦᠨ ᠲᠦᠭᠡᠮᠡᠯᠵᠢᠭᠦᠯᠬᠦ᠌᠎ᠶ᠋ᠢ ᠴᠢᠨᠭᠭᠠᠳᠬᠠᠵᠦ᠂ ᠬᠥᠯ ᠪᠥᠮᠪᠥᠭᠡᠨ ᠣᠨᠴᠠᠯᠢᠭ᠍ᠲᠤ ᠰᠤᠷᠭᠠᠭᠤᠯᠢ ᠬᠢᠭᠡᠳ ᠬᠦᠯ ᠪᠥᠮᠪᠥᠭᠡᠨ ᠠᠩᠭᠢ ᠵᠡᠷᠭᠡ ᠪᠦᠷᠢᠨ ᠪᠦᠲᠦᠨ ᠪᠣᠯᠪᠠᠰᠤᠷᠠᠯ᠎ᠤᠨ ᠨᠦᠭᠦᠴᠡᠯ᠎ᠢ ᠪᠦᠷᠢᠯᠳᠦᠪᠡ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠪᠡᠶ᠎ᠡ ᠶ᠋ᠢᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠳᠤ᠂ ᠬᠥᠬᠡᠬᠣᠲᠠ᠎ᠶ᠋ᠢᠨ ᠡᠷᠡᠭ᠌ᠲᠡᠶ᠎ᠶ᠋ᠢᠨ ᠠᠩᠭᠢ᠎ᠶ᠋ᠢᠨ ᠬᠠᠷᠢᠴᠠᠯᠠᠰᠢ ᠦᠭᠡᠢ ᠳᠠᠪᠠᠭᠤᠯᠢᠭ ᠲᠠᠯ᠎ᠠ ᠲᠠᠶ ᠬᠠᠷᠢᠴᠠᠭᠤᠯᠪᠠᠯ᠂ ᠬᠥᠬᠡᠬᠣᠲᠠ᠎ᠶ᠋ᠢᠨ ᠡᠮᠡᠭ᠌ᠲᠡᠶ᠎ᠶ᠋ᠢᠨ ᠠᠩᠭᠢ ᠬᠡᠳᠦᠢᠪᠡᠷ ᠬᠥᠬᠡ ᠳᠤᠭᠤᠢᠯᠠᠩ᠎ᠤᠨ ᠮᠠᠩᠯᠠᠶ ᠪᠣᠯᠤᠭ᠍ᠰᠠᠨ ᠪᠣᠯᠪᠠᠴᠤ᠌᠂ ᠵᠠᠷᠢᠮ ᠱᠢᠶ᠋ᠳᠪᠦᠷᠢᠯᠡᠬᠦ᠌ ᠴᠢᠬᠤᠯᠠᠲᠠᠶ ᠠᠰᠠᠭᠤᠳᠠᠯ ᠢᠯᠡᠷᠡᠭ᠌ᠰᠡᠨ ᠪᠠᠢᠨ᠎ᠠ᠃ ᠯᠢᠦ ᠶᠦᠩ᠄《ᠡᠨᠡ ᠤᠳᠠᠭᠠᠨ᠎ᠤ ᠤᠷᠤᠯᠳᠤᠭᠠᠨ᠎ᠠᠴᠠ ᠦᠵᠡᠪᠡᠯ᠂ ᠡᠮᠡᠭ᠌ᠲᠡᠶ ᠵᠢᠨ ᠠᠩᠭᠢ᠎ᠳᠤ ᠪᠡᠯᠡᠳᠭᠡᠯ ᠴᠢᠳᠠᠪᠤᠷᠢᠲᠠᠨ ᠬᠦᠷᠦᠯᠴᠡᠬᠦ᠌ ᠦᠭᠡᠢ ᠠᠰᠠᠭᠤᠳᠠᠯ ᠲᠤᠯᠭᠠᠷᠠᠵᠤ ᠪᠠᠢᠨ᠎ᠠ᠂ ᠡᠨᠡ ᠨᠢ ᠪᠠᠰᠠ ᠴᠤ᠌ ᠮᠠᠨ᠎ᠤ ᠳᠠᠷᠠᠭᠠᠴᠢ᠎ᠶ᠋ᠢᠨ ᠠᠯᠬᠤᠮ᠎ᠤᠨ ᠠᠵᠢᠯ᠎ᠤᠨ ᠭᠣᠣᠯᠳᠠᠯᠭ᠎ᠠ᠎ᠶ᠋ᠢᠨ ᠨᠢᠭᠡ ᠪᠣᠯᠤᠨ᠎ᠠ᠃ ᠲᠠᠷᠠᠭᠠᠴᠢ᠎ᠶ᠋ᠢᠨ ᠠᠯᠬᠤᠮ᠎ᠳᠤ᠂ ᠪᠢᠳᠡ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠢ ᠤᠯᠠᠮ ᠨᠢᠭᠡ ᠠᠯᠬᠤᠮ ᠭᠦᠨᠵᠡᠭᠡᠶ ᠠᠬᠢᠭᠤᠯᠵᠤ᠂ ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌ ᠴᠢᠬᠤᠯᠠᠳᠠᠢ ᠪᠠᠢᠨ᠎ᠠ》 ᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃