2023-08-17 10:17:13
— ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠢ ᠠᠮᠵᠢᠯᠲᠠ ᠲᠠᠢ ᠡᠷᠬᠢᠯᠡᠭᠰᠡᠨ ᠲᠤᠬᠠᠢ ᠬᠦᠤᠷᠨᠢᠯ
8 ᠰᠠᠷ᠎ᠠ᠎ᠶᠢᠨ 16᠎ᠤ ᠤᠷᠤᠢ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ ᠤᠷᠳᠤᠰ ᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠦᠢᠯᠡᠰ᠎ᠦᠨ ᠬᠥᠭ᠌ᠵᠢᠯᠲᠡ᠎ᠶ᠋ᠢᠨ ᠲᠥᠪ᠎ᠦᠨ ᠪᠡᠶ᠎ᠡ᠎ᠶ᠋ᠢᠨ ᠲᠠᠮᠢᠷ᠎ᠤᠨ ᠣᠷᠳᠣᠨ᠎ᠳᠤ ᠠᠮᠵᠢᠯᠲᠠ᠎ᠲᠠᠶ ᠦᠨᠳᠦᠷᠯᠠᠪᠠ᠃

ᠲᠣᠰ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ ᠨᠢ 《ᠳᠥᠭᠥᠮ ᠳᠥᠲᠡ᠂ ᠠᠮᠤᠷ ᠲᠦᠪᠱᠢᠨ᠂ ᠭᠣᠢᠳᠠ ᠰᠠᠢᠬᠠᠨ》 ᠤᠷᠤᠯᠳᠤᠭᠠᠨ ᠡᠷᠭᠢᠯᠡᠬᠦ᠌ ᠤᠢᠯᠠᠭᠠᠭᠳᠠᠬᠤᠨ᠎ᠢ ᠪᠠᠷᠢᠮᠲᠠᠯᠠᠵᠤ᠂ ᠱᠢᠨ᠎ᠡ ᠪᠡᠷ ᠲᠠᠯᠠᠪᠠᠶ ᠣᠷᠳᠣᠨ ᠪᠠᠢᠭᠤᠯᠤᠭ᠍ᠰᠠᠨ ᠥᠬᠡᠶ᠂ ᠬᠠᠷᠢᠨ ᠤᠤᠯ᠎ᠤᠨ ᠣᠯᠠᠨ ᠨᠡᠢᠲᠡ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠠᠶ ᠣᠷᠳᠣᠨ᠂ ᠰᠤᠷᠭᠠᠭᠤᠯᠢ ᠵᠢᠴᠢ ᠠᠵᠤ ᠠᠬᠤᠢᠯᠠᠯ᠎ᠤᠨ ᠪᠡᠶ᠎ᠡ᠎ᠶᠢᠨ ᠲᠠᠮᠢᠷ᠎ᠤᠨ ᠲᠠᠯᠠᠪᠤᠷ ᠤᠷᠳᠤᠨᠤᠰᠠᠭᠤᠷᠢᠨ ᠳᠡᠭᠡᠷ᠎ᠡ ᠥᠭᠡᠷᠡᠴᠢᠯᠡᠨ ᠪᠠᠢᠭᠤᠯᠵᠠᠢ᠃
ᠤᠷᠤᠯᠳᠤᠭᠠᠨ᠎ᠤ ᠬᠤᠭᠤᠴᠠᠭᠠᠨ᠎ᠤ ᠠᠮᠤᠷ ᠲᠦᠪᠱᠢᠨ᠎ᠢ ᠪᠦᠬᠦ ᠲᠠᠯ᠎ᠠ ᠪᠡᠷ ᠪᠠᠳᠤᠯᠠᠪᠠ᠃ ᠣᠯᠠᠨ ᠨᠡᠢᠲᠡ᠎ᠶ᠋ᠢᠨ ᠠᠮᠤᠷ ᠲᠦᠪᠱᠢᠨ᠂ ᠵᠠᠮ ᠬᠠᠷᠢᠯᠴᠠᠭ᠎ᠠ ᠵᠥᠭᠡᠭᠡᠪᠦᠷᠢ᠂ ᠭᠠᠯ ᠰᠡᠷᠭᠡᠢᠯᠡᠵᠦ᠍ ᠭᠠᠯ ᠤᠨᠲᠠᠷᠠᠭᠠᠬᠤ᠂ ᠢᠳᠡᠭᠡᠨ᠎ᠦ ᠠᠮᠤᠷ ᠲᠦᠪᠱᠢᠨ ᠵᠡᠷᠭᠡ ᠡᠯ᠎ᠡ ᠵᠦᠶ᠋ᠯ᠎ᠦᠨ ᠠᠵᠢᠯ᠎ᠤᠨ ᠲᠥᠰᠦᠯ᠎ᠢ ᠨᠠᠷᠢᠨ ᠨᠢᠭ᠍ᠲᠠ ᠲᠣᠭ᠍ᠲᠠᠭᠠᠵᠤ᠂ ᠡᠯ᠎ᠡ ᠲᠥᠷᠥᠯ᠎ᠦᠨ ᠭᠡᠨᠡᠳᠲᠡ᠎ᠶ᠋ᠢᠨ ᠬᠡᠷᠡᠭ᠂ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠪᠡᠯᠡᠳᠭᠡᠯ ᠲᠥᠰᠦᠯ᠎ᠢ ᠰᠠᠢᠲᠤᠷ ᠬᠢᠵᠦ᠍᠂ ᠤᠷᠤᠯᠳᠤᠭᠠᠨ᠎ᠳᠤ ᠬᠣᠯᠪᠣᠭ᠍ᠳᠠᠬᠤ ᠲᠠᠯᠠᠪᠤᠷ ᠣᠷᠳᠣᠨ᠎ᠤ ᠠᠮᠤᠷ ᠲᠦᠪᠱᠢᠨ᠎ᠦ ᠬᠡᠮ ᠰᠣᠭᠣᠭ᠎ᠢ ᠶᠡᠬᠡᠪᠡᠷ ᠵᠢᠭ᠍ᠰᠠᠭᠠᠨ ᠪᠠᠢᠴᠠᠭᠠᠵᠤ᠂ ᠶᠡᠬᠡᠪᠡᠷ ᠴᠡᠭ᠌ᠴᠡᠯᠡᠨ ᠵᠠᠰᠠᠬᠤ ᠠᠵᠢᠯ᠎ᠢ ᠥᠷᠨᠢᠭᠦᠯᠵᠦ᠍᠂ ᠡᠬᠢᠯᠡᠯᠲᠡ᠎ᠶ᠋ᠢᠨ ᠶᠣᠰᠣᠯᠠᠯ ᠵᠢᠴᠢ ᠡᠯ᠎ᠡ ᠵᠦᠶ᠋ᠯ᠎ᠦᠨ ᠤᠷᠤᠯᠳᠤᠭᠠᠨ᠎ᠤ ᠠᠵᠢᠯᠯᠠᠭ᠎ᠠ᠎ᠵᠢᠨ ᠪᠦᠬᠦ ᠲᠠᠯ᠎ᠠ᠎ᠶᠢᠨ ᠠᠮᠤᠷ ᠲᠦᠪᠰᠢᠨ᠎ᠢ ᠪᠠᠳᠤᠯᠠᠪᠠ᠃
ᠭᠣᠢᠳᠠ ᠰᠠᠢᠬᠠᠨ ᠤᠷᠤᠯᠳᠤᠭᠠᠨ ᠡᠷᠬᠢᠯᠡᠬᠦ᠌᠎ᠶ᠋ᠢ ᠪᠡᠶᠡᠯᠡᠭᠦᠯᠪᠡ᠃ ᠤᠯᠤᠰ ᠲᠦᠷᠦᠴᠢ ᠴᠢᠨᠠᠷ᠂ ᠤᠷᠠᠯᠢᠭ᠍ᠴᠢ ᠴᠢᠨᠠᠷ᠂ ᠤᠯᠠᠨ ᠲᠦᠮᠡᠨᠴᠢ ᠴᠢᠨᠠᠷ᠎ᠢ ᠤᠶᠠᠯᠳᠤᠭᠤᠯᠤᠭᠰᠠᠨ ᠡᠬᠢᠯᠡᠯᠲᠡ᠎ᠶ᠋ᠢᠨ ᠶᠣᠰᠣᠯᠠᠯ᠎ᠨᠢ ᠭᠤᠢᠲᠠ ᠰᠠᠢᠬᠠᠨ ᠪᠤᠯᠵᠦ᠂ ᠳᠠᠭᠤ᠂ ᠭᠡᠷᠡᠯ᠂ ᠴᠠᠬᠢᠯᠭᠠᠨ᠂ ᠵᠢᠯᠣᠭᠣᠴᠢ ᠦᠭᠡᠢ ᠨᠢᠰᠭᠡᠯ ᠵᠡᠷᠭᠡ ᠳᠡᠭᠡᠳᠦ ᠱᠢᠨᠵᠢᠯᠡᠬᠦ᠌ ᠤᠬᠠᠭᠠᠨ ᠮᠡᠷᠭᠡᠵᠢᠯ ᠪᠣᠯᠤᠨ ᠤᠯᠠᠮᠵᠢᠯᠠᠯᠲᠤ ᠰᠣᠶᠣᠯ ᠪᠡᠶ᠎ᠡ᠎ᠶ᠋ᠢᠨ ᠲᠠᠮᠢᠷ᠎ᠤᠨ ᠲᠣᠭ᠍ᠯᠠᠯᠲᠠ᠂ ᠬᠤᠸᠠᠷ ᠫᠤᠤᠵᠢᠩ᠎ᠤᠨ ᠦᠵᠡᠭᠦᠯᠭᠡ ᠵᠡᠷᠭᠡ᠎ᠶ᠋ᠢ ᠲᠡᠭᠦᠰ ᠰᠠᠢᠬᠠᠨ ᠤᠶᠠᠯᠳᠤᠭᠤᠯᠵᠤ᠂ ᠥᠷᠭᠡᠨ ᠤᠯᠠᠨ ᠦᠵᠡᠭ᠌ᠴᠢᠳ᠎ᠲᠦ ᠮᠠᠷᠲᠠᠭ᠍ᠳᠠᠰᠢ ᠦᠭᠡᠢ ᠭᠤᠴᠤ ᠰᠠᠢᠬᠠᠨ ᠦᠪᠡᠳᠡᠭ᠌ᠰᠢ ᠨᠠᠢᠷ᠎ᠢ ᠬᠦᠷᠭᠡᠯ᠎ᠡ᠃ ᠲᠤᠬᠠᠢ᠎ᠶ᠋ᠢᠨ ᠲᠠᠯᠠᠪᠠᠢ᠎ᠳᠤ ᠡᠬᠢᠯᠡᠯᠲᠡ᠎ᠶ᠋ᠢᠨ ᠶᠣᠰᠣᠯᠠᠯ᠎ᠢ ᠦᠵᠡᠭ᠌ᠰᠡᠨ ᠦᠵᠡᠭ᠌ᠴᠢᠳ 4 ᠲᠦᠮᠡ ᠱᠢᠬᠠᠮ᠎ᠳᠤ ᠬᠦᠷᠴᠦ᠍᠂ ᠥᠪᠥᠷ ᠮᠣᠩᠭᠣᠯ᠎ᠤᠨ ᠣᠳᠣᠨ ᠲᠧᠯᠸᠢᠰ ᠵᠡᠷᠭᠡ ᠵᠠᠭᠤᠴᠢᠯᠠᠭᠤᠷ᠎ᠤᠨ ᠬᠢᠨ ᠠᠬᠤᠢ ᠪᠠᠢᠳᠠᠯ᠎ᠢ ᠱᠢᠭᠤᠳ ᠨᠡᠪᠲᠡᠷᠡᠭᠦᠯᠵᠦ᠍᠂ ᠱᠢᠭᠤᠳ ᠨᠡᠪᠲᠡᠷᠡᠭᠦᠯᠭᠡ᠎ᠶ᠋ᠢ ᠬᠦᠯᠢᠶᠡᠨ ᠠᠪᠴᠤ ᠦᠵᠡᠭ᠌ᠰᠡᠨ ᠬᠥᠮᠦᠨ᠎ᠦ ᠲᠣᠭ᠎ᠠ 1000 ᠲᠦᠮᠡ ᠱᠢᠬᠠᠮ ᠬᠥᠮᠦᠨ ᠤᠳᠠᠭ᠎ᠠ᠎ᠳᠤ ᠬᠦᠷᠴᠡᠢ᠃
ᠱᠢᠯᠢᠳᠡᠭ ᠦᠶ᠋ᠯᠡᠴᠢᠯᠡᠭᠡ ᠪᠡᠷ 《ᠳᠤᠯᠠᠭᠠᠨ ᠬᠣᠲᠠ》 ᠶ᠋ᠢᠨ ᠳᠦᠷᠢ ᠲᠥᠷᠬᠦ᠌᠎ᠶ᠋ᠢ ᠱᠤᠭᠤᠪᠠ᠃ 《ᠨᠢᠭᠡ ᠤᠷᠤᠯᠳᠤᠭᠠᠨ ᠨᠢᠭᠡ ᠲᠥᠰᠦᠯ》᠎ᠢ ᠪᠠᠷᠢᠮᠲᠠᠯᠠᠵᠤ᠂ 16 ᠲᠠᠯᠠᠪᠤᠷ ᠭᠠᠵᠠᠷ᠎ᠢ ᠥᠭᠡᠷᠡᠴᠢᠯᠡᠨ ᠲᠡᠰ ᠲᠡᠪᠰᠢᠬᠦᠯᠵᠦ᠂ ᠡᠯ᠎ᠡ ᠤᠷᠤᠯᠳᠤᠭᠠᠨ᠎ᠤ ᠲᠠᠯᠠᠪᠤᠷ ᠣᠷᠳᠣᠨ᠎ᠤ ᠠᠵᠢᠯᠯᠠᠭᠠᠨ᠎ᠤ ᠲᠥᠯᠥᠪᠯᠡᠭᠡ᠎ᠶ᠋ᠢ ᠱᠢᠨᠵᠢᠯᠡᠬᠦ᠌ ᠤᠬᠠᠭᠠᠨᠴᠢ ᠪᠠᠷ ᠲᠣᠭ᠍ᠲᠠᠭᠠᠵᠤ᠂ ᠨᠠᠷᠢᠨ ᠨᠢᠮᠪᠠᠶ ᠪᠠᠢᠷᠢᠯᠠᠭᠤᠯᠵᠤ᠂ ᠲᠠᠮᠢᠷᠴᠢᠳ᠎ᠤᠨ ᠦᠪᠡᠷ᠎ᠤᠨ ᠬᠢᠷᠢ ᠲᠦᠪᠱᠢᠨ᠎ᠢᠶᠡᠨ ᠪᠠᠳᠠᠷᠠᠭᠤᠯᠬᠤ᠂ ᠥᠪᠡᠷ᠎ᠢ᠎ᠪᠡᠨ ᠳᠠᠪᠠᠬᠤ᠎ᠳᠤ ᠲᠡᠷᠢᠭᠦᠨ᠎ᠦ ᠰᠠᠢᠨ ᠰᠠᠢᠬᠠᠨ ᠤᠷᠤᠯᠳᠤᠭᠠᠨ᠎ᠤ ᠣᠷᠴᠢᠨ ᠲᠣᠭᠣᠷᠢᠨ᠎ᠢ ᠪᠤᠢ ᠪᠤᠯᠭᠠᠪᠠ᠃ ᠤᠷᠤᠯᠳᠤᠭᠠᠨ᠎ᠤ ᠬᠤᠭᠤᠴᠠᠭᠠᠨ᠎ᠳᠤ᠂ 1.5 ᠲᠦᠮᠡ ᠱᠢᠬᠠᠮ ᠲᠠᠮᠢᠷᠴᠢᠳ ᠴᠦᠬᠦᠷᠡᠰᠢ ᠦᠭᠡᠢ ᠡᠷᠡᠯᠬᠡᠭ᠌ᠯᠡᠨ ᠲᠡᠮᠡᠴᠡᠵᠦ᠍᠂ ᠱᠢᠯᠢᠳᠡᠭ ᠰᠠᠢᠨ ᠤᠷᠤᠯᠳᠤᠭᠠᠨ᠎ᠤ ᠬᠢᠷᠢ ᠲᠦᠪᠱᠢᠨ ᠪᠠ ᠣᠶᠤᠨ ᠰᠠᠨᠠᠭᠠᠨ᠎ᠤ ᠳᠦᠷᠰᠦ ᠪᠠᠢᠳᠠᠯ᠎ᠢᠶᠠᠨ ᠢᠯᠡᠷᠡᠭᠦᠯᠪᠡ᠃ ᠡᠭᠦᠨ᠎ᠳᠦ ᠤᠷᠳᠤᠰ ᠬᠤᠲᠠ ᠲᠤᠰ ᠬᠤᠭᠤᠴᠠᠭᠠᠨ᠎ᠤ ᠲᠠᠮᠢᠷ᠎ᠤᠨ ᠴᠤᠭᠯᠠᠭᠠᠨ᠎ᠢ ᠳᠠᠭᠠᠭᠠᠴᠢᠯᠠᠨ ᠡᠷᠬᠢᠯᠡᠭᠰᠡᠨ ᠬᠣᠲᠠ ᠪᠤᠯᠤᠭᠰᠠᠨ᠎ᠤ ᠬᠤᠪᠢ᠎ᠳᠦ 1718 ᠲᠠᠮᠢᠷᠴᠢᠨ᠎ᠢ ᠲᠣᠮᠢᠯᠠᠨ ᠪᠣᠶ ᠪᠥᠬᠥᠶ ᠤᠷᠤᠯᠳᠤᠭᠠᠨ᠎ᠤ ᠵᠦᠶ᠋ᠯ᠎ᠳᠦ ᠣᠷᠣᠯᠴᠠᠭᠤᠯᠵᠤ᠂ 280 ᠠᠯᠲᠠᠨ ᠮᠧᠳᠠᠯ᠂ 208 ᠮᠥᠩᠭᠥᠨ ᠮᠧᠳᠠᠯ᠂ 234 ᠬᠦᠷᠡᠯ ᠮᠧᠳᠠᠯ ᠭᠠᠷᠳᠠᠵᠦ᠂ ᠶᠡᠷᠦᠩᠬᠡᠶ ᠬᠤᠪᠢ ᠨᠢ 12961 ᠪᠤᠯᠵᠤ᠂ ᠠᠯᠲᠠᠨ ᠮᠧᠳᠠᠯ᠎ᠤᠨ ᠶᠡᠷᠦᠩᠬᠡᠶ ᠲᠣᠭ᠎ᠠ᠂ ᠱᠠᠩᠨᠠᠯ᠎ᠤᠨ ᠮᠧᠳᠠᠯ᠎ᠤᠨ ᠶᠡᠷᠦᠩᠬᠡᠶ ᠲᠣᠭ᠎ᠠ᠂ ᠪᠦᠯᠬᠦᠮ᠎ᠦᠨ ᠶᠡᠷᠦᠩᠬᠡᠶ ᠬᠤᠪᠢ ᠪᠡᠷ ᠪᠥᠬᠥ᠌ ᠣᠷᠣᠨ᠎ᠳᠤ ᠲᠦᠷᠦᠭᠦᠯᠡᠵᠦ᠍᠂ ᠲᠡᠦᠬᠡᠲᠦ ᠴᠢᠨᠠᠷᠲᠠᠶ ᠱᠢᠪᠲᠤᠯᠤᠯᠲᠠ᠎ᠶ᠋ᠢ ᠪᠡᠶᠡᠯᠡᠭᠦᠯᠵᠦ᠍᠂ ᠪᠥᠬᠥ᠌ ᠣᠷᠣᠨ᠎ᠤ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠬᠥᠭ᠌ᠵᠢᠯᠲᠡ᠎ᠳᠦ ᠥᠩᠭᠡ ᠬᠡᠷᠡᠯ ᠨᠡᠮᠡᠷᠢᠯᠡᠭ᠌ᠰᠡᠨ ᠪᠠᠢᠨ᠎ᠠ᠃

ᠢᠳᠡᠭᠡᠨ᠎ᠦ ᠠᠮᠤᠷ ᠲᠦᠪᠱᠢᠨ᠎ᠢ ᠬᠢᠨᠠᠨ ᠬᠠᠮᠢᠶᠠᠷᠬᠤ 200 ᠠᠵᠢᠯᠲᠠᠨ᠎ᠢ ᠲᠣᠮᠢᠯᠠᠨ ᠴᠡᠭ᠎ᠲᠦ ᠰᠠᠭᠤᠯᠭᠠᠨ ᠬᠢᠨᠠᠨ ᠬᠠᠮᠢᠶᠠᠷᠤᠭᠤᠯᠵᠤ᠂ ᠤᠷᠤᠯᠳᠤᠭᠠᠨ᠎ᠳᠤ ᠣᠷᠣᠯᠴᠠᠭ᠍ᠰᠠᠳ᠎ᠤᠨ ᠢᠳᠡᠭᠡᠨ ᠤᠮᠳᠠᠭᠠᠨ᠎ᠤ ᠠᠮᠤᠷ ᠲᠦᠪᠱᠢᠨ᠎ᠢ ᠪᠥᠬᠥ᠌ ᠲᠠᠯ᠎ᠠ᠎ᠪᠠᠷ ᠪᠠᠲᠤᠯᠠᠪᠠ᠃ 2000 ᠱᠢᠬᠠᠮ ᠰᠠᠢ᠌ᠨ ᠲᠤᠷᠠᠴᠤᠳ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠰᠠᠢ᠌ᠨ ᠳᠤᠷ᠎ᠠ᠎ᠶ᠋ᠢᠨ ᠦᠢᠯᠡᠴᠢᠯᠡᠭᠡ᠎ᠳᠦ ᠣᠷᠣᠯᠴᠠᠵᠤ᠂ ᠬᠦᠷᠦᠯᠴᠡᠨ ᠢᠷᠡᠭᠰᠡᠨ ᠵᠣᠴᠢᠳ᠎ᠤᠨ ᠰᠠᠢ᠌ᠨ ᠦᠨᠡᠯᠡᠯᠲᠡ ᠰᠠᠢᠰᠢᠶᠠᠯ᠎ᠢ ᠤᠯᠵᠠᠢ᠃ ᠡᠭᠦᠨ᠎ᠡᠴᠡ ᠭᠠᠳᠠᠨ᠎ᠠ᠂ ᠭᠠᠯ ᠰᠡᠷᠭᠡᠢᠯᠡᠵᠦ᠍ ᠭᠠᠯ ᠤᠨᠲᠠᠷᠠᠭᠠᠬᠤ᠂ ᠴᠢᠮᠡᠭᠡ ᠬᠣᠯᠪᠣᠭ᠎ᠠ᠂ ᠴᠠᠬᠢᠯᠭᠠᠨ ᠬᠦᠴᠦ᠍᠂ ᠤᠰᠤ ᠬᠠᠩᠭᠠᠬᠤ᠂ ᠱᠢᠲᠠᠮᠠᠬᠠᠶ ᠬᠡᠶ ᠬᠠᠩᠭᠠᠬᠤ᠂ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ ᠵᠡᠷᠭᠡ ᠡᠯ᠎ᠡ ᠵᠦᠶ᠋ᠯ᠎ᠦᠨ ᠪᠠᠲᠤᠯᠠᠭ᠎ᠠ᠎ᠶ᠋ᠢᠨ ᠠᠵᠢᠯ᠎ᠢ ᠨᠠᠷᠢᠨ ᠨᠢᠮᠪᠠᠶ ᠰᠠᠢᠲᠤᠷ ᠬᠢᠵᠦ᠍᠂ ᠲᠠᠮᠢᠷᠴᠢᠳ ᠪᠣᠯᠤᠨ ᠡᠯ᠎ᠡ ᠭᠠᠵᠠᠷ᠎ᠤᠨ ᠵᠣᠴᠢᠳ᠎ᠲᠤ ᠳᠥᠭᠥᠮ ᠳᠥᠲᠡ ᠲᠠᠭᠠᠯᠠᠮᠵᠢᠲᠠᠶ᠂ ᠠᠮᠤᠷ ᠲᠦᠪᠱᠢᠨ ᠰᠠᠨᠠᠭ᠎ᠠ ᠠᠮᠤᠷ ᠤᠷᠤᠯᠳᠤᠭᠠᠨ᠎ᠤ ᠣᠷᠴᠢᠨ ᠲᠣᠭᠣᠷᠢᠨ᠎ᠢ ᠪᠦᠷᠢᠯᠳᠦᠬᠦᠯᠵᠡᠶ᠃
ᠨᠡᠢᠭᠡᠮ ᠳᠠᠶᠠᠭᠠᠷ᠎ᠲᠤ ᠪᠥᠬᠥ᠌ ᠠᠷᠠᠳ᠎ᠵᠢᠡᠷ ᠵᠢᠡᠨ ᠪᠡᠶ᠎ᠡ ᠴᠢᠭᠢᠷᠠᠭ᠍ᠵᠢᠭᠤᠯᠬᠤ ᠱᠢᠨ᠎ᠡ ᠬᠡᠪ ᠰᠤᠷᠲᠠᠯ᠎ᠢ ᠪᠣᠶ ᠪᠣᠯᠭᠠᠬᠤ᠎ᠶ᠋ᠢᠨ ᠲᠥᠯᠥᠭᠡ᠂ ᠲᠣᠰ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠨᠢ ᠪᠥᠬᠥ᠌ ᠣᠷᠣᠨ᠎ᠤ ᠡᠯ᠎ᠡ ᠠᠢᠮᠠᠭ ᠬᠣᠲᠠ ᠵᠢᠴᠢ ᠤᠷᠳᠤᠰ ᠬᠣᠲᠠ᠎ᠶ᠋ᠢᠨ ᠡᠯ᠎ᠡ ᠬᠣᠱᠢᠭᠤ ᠲᠣᠭᠣᠷᠢᠭ᠎ᠤᠨ 20 ᠥᠷᠲᠡᠭᠡ ᠴᠡᠭ᠎ᠲᠦ ᠭᠠᠯ ᠪᠠᠮᠪᠠᠷ ᠳᠠᠮᠵᠢᠭᠤᠯᠵᠤ᠂ ᠠᠩᠬ᠎ᠠ ᠤᠳᠠᠭ᠎ᠠ ᠠᠢᠮᠠᠭ ᠬᠣᠲᠠ᠎ᠳᠤ ᠭᠠᠯ ᠪᠠᠮᠪᠠᠷ ᠳᠠᠮᠵᠢᠭᠤᠯᠬᠤ᠎ᠶ᠋ᠢ ᠪᠦᠷᠢᠨ ᠪᠥᠷᠬᠥᠭᠦᠯᠬᠦ᠌᠎ᠶ᠋ᠢ ᠪᠡᠶᠡᠯᠡᠭᠦᠯᠵᠡᠢ᠃ 427 ᠭᠠᠯ ᠪᠠᠮᠪᠠᠷᠴᠢᠨ 39 ᠡᠳᠦᠷ᠎ᠲᠦ 85 ᠺᠢᠯᠣᠮᠧᠲ᠋ᠷ ᠳᠠᠮᠵᠢᠭᠤᠯᠵᠤ᠂ ᠱᠢᠭᠤᠳ ᠣᠷᠣᠯᠴᠠᠭ᠍ᠰᠠᠨ ᠣᠯᠠᠨ ᠲᠦᠮᠡᠨ 2 ᠲᠦᠮᠡ᠎ᠶ᠋ᠢ ᠳᠠᠪᠠᠵᠤ᠂ ᠱᠢᠨ᠎ᠡ ᠴᠠᠭ ᠦᠶ᠎ᠡ᠎ᠶ᠋ᠢᠨ ᠪᠥᠬᠥ᠌ ᠠᠷᠠᠳ᠎ᠵᠢᠡᠷ ᠵᠢᠡᠨ ᠪᠡᠶ᠎ᠡ ᠴᠢᠭᠢᠷᠠᠭ᠍ᠵᠢᠭᠤᠯᠬᠤ ᠤᠢᠯᠠᠭᠠᠭᠳᠠᠬᠤᠨ᠎ᠢ ᠪᠥᠬᠥ᠌ ᠲᠠᠯ᠎ᠠ ᠪᠠᠷ ᠤᠬᠠᠭᠤᠯᠵᠤ᠂ ᠪᠥᠬᠥ᠌ ᠣᠷᠣᠨ᠎ᠤ ᠠᠷᠠᠳ ᠤᠯᠠᠨ᠎ᠦ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠤ ᠲᠤᠬᠠᠢ ᠪᠠᠶᠠᠷ ᠪᠠᠶᠠᠰᠤᠯ ᠪᠠ ᠣᠷᠭᠢᠯᠤᠮ᠎ᠠ ᠰᠡᠳᠭᠢᠯᠭᠡ᠎ᠶ᠋ᠢ ᠬᠥᠭ᠌ᠵᠢᠭᠡᠪᠡ᠃
ᠲᠣᠰ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠳᠤ ᠦᠷᠢᠰᠦᠯᠳᠦᠭᠡᠨᠳᠦ ᠤᠷᠤᠯᠳᠤᠭᠠᠨ᠎ᠤ ᠳᠤᠭᠤᠢᠯᠠᠩ ᠪᠠ ᠣᠯᠠᠨ ᠲᠦᠮᠡᠨᠴᠢ ᠳᠤᠭᠤᠢᠯᠠᠩ ᠭᠡᠬᠦ᠌ ᠬᠣᠶᠠᠷ ᠳᠤᠭᠤᠢᠯᠠᠩ ᠭᠠᠷᠭᠠᠵᠤ᠂ ᠪᠥᠬᠥ᠌ ᠣᠷᠣᠨ᠎ᠤ 15 ᠲᠥᠯᠥᠭᠡᠯᠡᠭ᠌ᠴᠢᠳ᠎ᠦᠨ ᠪᠦᠯᠬᠦᠮ ᠨᠡᠢᠲᠡ 44 ᠶᠡᠬᠡ ᠲᠥᠷᠥᠯ᠂ 1232 ᠪᠠᠭ᠎ᠠ ᠲᠥᠷᠥᠯ᠎ᠤᠨ ᠤᠷᠤᠯᠳᠤᠭᠠᠨ ᠳ᠋ᠤ ᠤᠷᠤᠯᠴᠠᠵᠤ᠂ ᠤᠷᠤᠯᠳᠤᠭᠠᠨ᠎ᠳᠤ ᠣᠷᠣᠯᠴᠠᠭ᠍ᠰᠠᠨ ᠬᠡᠪᠴᠢᠶ᠎ᠡ᠎ᠨᠢ 1.5 ᠲᠦᠮᠡᠨ ᠬᠥᠮᠦᠨ ᠤᠳᠠᠭ᠎ᠠ᠎ᠳᠤ ᠬᠦᠷᠴᠡᠶ᠃ ᠣᠯᠠᠨ ᠲᠦᠮᠡᠨᠴᠢ ᠳᠤᠭᠤᠢᠯᠠᠩ᠎ᠤᠨ ᠬᠢᠨ ᠨᠡᠢᠲᠡ 146 ᠱᠠᠩᠨᠠᠯ᠎ᠤᠨ ᠮᠧᠳᠠᠯ (ᠡᠭᠦᠨ᠎ᠳᠦ 49 ᠠᠯᠲᠠᠨ ᠮᠧᠳᠠᠯ᠂ 49 ᠮᠥᠩᠭᠥᠨ ᠮᠧᠳᠠᠯ᠂ 48 ᠬᠦᠷᠡᠯ ᠮᠧᠳᠠᠯ)᠎ᠢ ᠰᠢᠯᠭᠠᠷᠠᠭᠤᠯᠵᠦ᠂ ᠠᠢᠮᠠᠭ ᠬᠣᠲᠠ᠎ᠶ᠋ᠢᠨ ᠳᠤᠭᠤᠢᠯᠠᠩ᠎ᠤᠨ ᠬᠢᠨ ᠨᠡᠢᠲᠡ 3725 ᠱᠠᠩᠨᠠᠯ᠎ᠤᠨ ᠮᠧᠳᠠᠯ (ᠡᠭᠦᠨ᠎ᠳᠦ 1242 ᠠᠯᠲᠠᠨ ᠮᠧᠳᠠᠯ᠂ 1093 ᠮᠥᠩᠭᠥᠨ ᠮᠧᠳᠠᠯ᠂ 1390 ᠬᠦᠷᠡᠯ ᠮᠧᠳᠠᠯ)᠎ᠢ ᠰᠢᠯᠭᠠᠷᠠᠭᠤᠯᠵᠦ᠂ ᠨᠡᠢᠲᠡ 115 ᠬᠥᠮᠦᠨ᠂ 27 ᠠᠩᠭᠢ 176 ᠤᠳᠠᠭ᠎ᠠ 87 ᠵᠦᠶ᠋ᠯ᠎ᠦᠨ ᠥᠪᠡᠷᠲᠡᠭᠡᠨ ᠵᠠᠰᠠᠬᠤ ᠣᠷᠣᠨ᠎ᠤ ᠲᠡᠮᠳᠡᠭ᠌ᠯᠡᠯ᠎ᠢ ᠰᠢᠨᠡᠳᠭᠡᠪᠡ᠃
ᠲᠣᠰ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ ᠨᠢ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠣᠶᠤᠨ ᠰᠠᠨᠠᠭᠠᠨ᠎ᠤ ᠳᠦᠷᠰᠦ ᠪᠠᠢᠳᠠᠯ᠎ᠢ ᠭᠦᠶ᠋ᠴᠡᠳ ᠢᠯᠡᠷᠡᠭᠦᠯᠵᠦ᠍᠂ ᠴᠤᠴᠠᠯᠲᠠ ᠥᠬᠡᠶ ᠤᠷᠤᠭ᠍ᠰᠢᠯᠠᠨ 《ᠲᠠᠪᠤᠨ ᠶᠡᠬᠡ ᠡᠭᠦᠷᠭᠡ》 ᠶ᠋ᠢ ᠪᠡᠶᠡᠯᠡᠭᠦᠯᠬᠦ᠌ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠪᠠᠲᠤ ᠢᠲᠡᠭᠡᠯ᠎ᠢ ᠢᠯᠡᠷᠡᠭᠦᠯᠵᠦ᠍᠂ ᠭᠠᠷ ᠬᠣᠯᠪᠣᠨ ᠬᠠᠮᠲᠤ ᠪᠠᠷ ᠤᠷᠤᠭ᠍ᠰᠢᠯᠠᠬᠤ᠂ ᠨᠥᠬᠥᠷᠰᠡᠭ᠎ᠢᠶᠡᠷ ᠲᠡᠮᠡᠴᠡᠬᠦ᠌ ᠪᠡᠶ᠎ᠡ᠎ᠶ᠋ᠢᠨ ᠲᠠᠮᠢᠷ᠎ᠤᠨ ᠬᠡᠪ ᠰᠤᠷᠳᠠᠯ᠎ᠢ ᠳᠠᠮᠵᠢᠭᠤᠯᠵᠤ᠂ ᠰᠠᠢᠨ ᠰᠠᠢᠬᠠᠨ ᠨᠡᠢᠭᠡᠮ᠎ᠦᠨ ᠰᠣᠶᠣᠯ᠎ᠤᠨ ᠠᠭᠤᠷ ᠠᠮᠢᠰᠭᠤᠯ᠎ᠢ ᠪᠣᠶ ᠪᠣᠯᠭᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃