ᠰᠣᠶᠣᠯ ᠤᠷᠠᠯᠢᠭ > ᠠᠷᠪᠠᠨ ᠲᠠᠪᠤᠳᠤᠭᠠᠷ ᠬᠤᠭᠤᠴᠠᠭᠠᠨ᠎ᠤ᠋ ᠲᠠᠮᠢᠷ᠎ᠤ᠋ᠨ ᠴᠤᠭᠯᠠᠭᠠᠨ

2023-08-30 09:07:22

ᠵᠣᠬᠢᠶᠠᠭ᠍ᠴᠢ᠄ ᠯᠢ ᠼᠦᠨ ᠱᠢᠶᠠ ᠣᠩᠱᠢᠭ᠍ᠰᠠᠨ ᠣᠳᠠᠭ᠎ᠠ᠄ 3

ᠴᠢ᠍᠊᠊ ᠪᠠᠲᠤ ᠲᠠᠮᠢᠷ᠎ᠤᠨ ᠴᠤᠭᠯᠠᠭᠠᠨ ᠲᠡᠭᠦᠰᠦᠭ᠌ᠰᠡᠨ᠎ᠢ ᠵᠠᠷᠯᠠᠵᠠᠢ


8 ᠰᠠᠷ᠎ᠠ᠎ᠶ᠋ᠢᠨ 28 ᠎ᠤ᠋ ᠤᠷᠤᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠷᠭᠤᠳᠤᠭᠠᠷ ᠬᠤᠭᠤᠴᠠᠭᠠᠨ᠎ᠤ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ ᠵᠢᠴᠢ ᠣᠨᠴᠠᠭᠠᠢ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠡᠭᠦᠰᠭᠦ ᠶᠣᠰᠣᠯᠠᠯ ᠤᠷᠳᠤᠰ ᠬᠤᠳᠠ᠎ᠳᠤ ᠶᠠᠪᠤᠭ᠍ᠳᠠᠪᠠ᠃

ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ ᠴᠢ᠊ ᠪᠠᠲᠤ ᠪᠦᠯᠬᠦᠮ᠎ᠦᠨ ᠶᠡᠷᠦᠩᠬᠡᠶ ᠬᠤᠪᠢ ᠪᠡᠷ ᠡᠮᠦᠨ᠎ᠠ ᠵᠢᠷᠭᠤᠭᠠᠨ ᠨᠡᠷᠡᠰ ᠲᠸ᠋ ᠤᠷᠤᠭᠰᠠᠨ ᠲᠥᠯᠥᠭᠡᠯᠡᠭ᠌ᠴᠢᠳ᠎ᠦᠨ ᠪᠦᠯᠬᠦᠮ᠎ᠳᠦ ᠱᠠᠩᠨᠠᠯ ᠭᠠᠷᠳᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠵᠢᠷᠭᠤᠳᠤᠭᠠᠷ ᠬᠤᠭᠤᠴᠠᠭᠠᠨ᠎ᠤ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ ᠵᠢᠴᠢ ᠣᠨᠴᠠᠭᠠᠢ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠲᠡᠭᠦᠰᠦᠭ᠌ᠰᠡᠨ᠎ᠢ ᠵᠠᠷᠯᠠᠭ᠍ᠰᠠᠨ ᠪᠥᠭᠡᠳ ᠬᠤᠷᠠᠯ᠎ᠤᠨ ᠲᠣᠭ᠎ᠢ ᠲᠤᠱᠢᠶᠠᠬᠤ ᠪᠠ ᠭᠥᠯᠢᠶᠡᠨ ᠠᠪᠬᠤ ᠶᠣᠰᠣᠯᠠᠯ᠎ᠳᠤ ᠣᠷᠣᠯᠴᠠᠵᠠᠢ᠃

ᠲᠡᠭᠦᠰᠭᠦ ᠶᠣᠰᠣᠯᠠᠯ ᠳᠡᠭᠡᠷ᠎ᠡ᠂ ᠪᠤᠭᠤᠲᠤ ᠬᠣᠲᠠ᠎ᠶ᠋ᠢᠨ ᠲᠥᠯᠥᠭᠡᠯᠡᠭ᠌ᠴᠢ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ᠎ᠤ ᠲᠣᠭ᠎ᠢ ᠲᠤᠰᠪᠠ᠃ ᠥᠪᠡᠷᠲᠡᠭᠡᠨ ᠵᠠᠰᠠᠬᠤ ᠣᠷᠣᠨ᠎ᠤ ᠳᠣᠯᠣᠳᠤᠭᠠᠷ ᠬᠤᠭᠤᠴᠠᠭᠠᠨ᠎ᠤ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ ᠵᠢᠴᠢ ᠣᠨᠴᠠᠭᠠᠢ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ 2026 ᠣᠨ᠎ᠳᠤ ᠪᠤᠭᠤᠲᠤ ᠬᠣᠲᠠ᠎ᠳᠤ ᠡᠷᠭᠢᠯᠡᠬᠦ᠌᠎ᠪᠡᠷ ᠪᠤᠢ᠃ ᠶᠣᠰᠣᠯᠠᠯ ᠲᠡᠭᠦᠰᠦᠭ᠌ᠰᠡᠨ᠎ᠦ ᠲᠠᠷᠠᠭ᠎ᠠ᠂ ᠤᠯᠠᠨ᠎ᠢᠶᠠᠷ᠎ᠢᠶᠠᠨ ᠭᠣᠴᠣ ᠰᠠᠢᠬᠠᠨ ᠰᠣᠶᠣᠯ ᠪᠡᠶ᠎ᠡ᠎ᠶ᠋ᠢᠨ ᠲᠠᠮᠢᠷ᠎ᠤᠨ ᠦᠵᠡᠭᠦᠯᠭᠡ᠎ᠶ᠋ᠢ ᠰᠣᠨᠢᠷᠬᠠᠵᠤ᠂ ᠲᠡᠭᠦᠰᠭᠦ ᠶᠣᠰᠣᠯᠠᠯ ᠨᠢ 《ᠬᠦᠰᠡᠯ ᠵᠡᠭᠦᠳᠦ᠍᠎ᠵᠢᠨ ᠲᠡᠬᠦᠯᠢᠯ》 ᠭᠡᠮᠡᠭᠦ ᠬᠡᠦᠬᠡᠳ᠎ᠦᠨ ᠨᠠᠢᠷᠠᠯ ᠳᠠᠭᠤᠤ᠎ᠶᠢᠨ ᠲᠤᠮᠳᠠ ᠲᠡᠭᠦᠰ ᠠᠮᠵᠢᠯᠲᠠ᠎ᠲᠠᠶ ᠥᠨᠳᠥᠷᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面