2023-08-30 10:27:07
ᠲᠠᠩᠰᠤᠭ ᠨᠠᠮᠤᠷ ᠤ᠋ᠨ ᠰᠠᠢᠬᠠᠨ ᠴᠠᠭ ᠵᠢᠡᠷ 《ᠲᠤᠯᠠᠭᠠᠨ ᠬᠤᠳᠠ》 ᠬᠡᠮᠡᠭᠳᠡᠭᠰᠡᠨ ᠤᠷᠳᠤᠰ ᠲᠸ᠋ ᠲᠠᠬᠢᠨᠳᠠ ᠭᠦᠭᠵᠢᠶᠠᠨ ᠨᠠᠷᠬᠢᠶᠠᠨ ᠪᠢᠯᠬᠠᠵᠤ᠂ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠵᠢᠷᠭᠤᠳᠤᠭᠠᠷ ᠬᠤᠭᠤᠴᠠᠭᠠᠨ ᠤ᠋ ᠵᠡᠮᠳᠡᠭᠴᠤᠳ ᠤ᠋ᠨ ᠲᠠᠮᠢᠷ ᠤ᠋ᠨ ᠴᠤᠬᠯᠠᠭᠠᠨ ᠵᠢᠴᠢ ᠤᠨᠴᠠᠭᠠᠢ ᠤᠯᠢᠮᠫᠢᠺ᠎ᠤᠨ ᠲᠠᠮᠢᠷ ᠤ᠋ᠨ ᠴᠤᠬᠯᠠᠭᠠᠨ ᠨᠢᠵᠢᠭᠢᠷ ᠲᠡᠭᠦᠯᠳᠡᠷ ᠶᠠᠪᠤᠬᠳᠠᠯ᠎ᠠ᠃ ᠡᠨᠡ ᠪᠣᠯ ᠪᠦᠬᠦ᠌ ᠣᠷᠣᠨ᠎ᠤ 158 ᠲᠦᠮᠡ ᠭᠠᠷᠤᠢ ᠵᠡᠮᠳᠡᠭ᠌ᠴᠦᠳ᠎ᠦᠨ ᠦᠪᠡᠳᠡᠭ᠌ᠰᠢ ᠴᠤᠭ᠍ᠯᠠᠭᠠᠨ᠂ ᠨᠡᠩ ᠴᠤ᠌ ᠡᠷᠬᠡ ᠲᠡᠭ᠌ᠰᠢ᠂ ᠣᠷᠣᠯᠴᠠᠯᠭ᠎ᠠ ᠲᠠᠢ᠂ ᠬᠠᠮᠲᠤ᠎ᠪᠠᠷ ᠡᠳ᠋ᠯᠡᠬᠦ᠌ ᠪᠠᠶᠠᠷ ᠨᠠᠢᠷ ᠪᠣᠯᠤᠨ᠎ᠠ᠃



ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠵᠢᠷᠭᠤᠳᠤᠭᠠᠷ ᠬᠤᠭᠤᠴᠠᠭᠠᠨ ᠤ᠋ ᠵᠡᠮᠳᠡᠭᠴᠤᠳ ᠤ᠋ᠨ ᠲᠠᠮᠢᠷ ᠤ᠋ᠨ ᠴᠤᠬᠯᠠᠭᠠᠨ ᠵᠢᠴᠢ ᠤᠨᠴᠠᠭᠠᠢ ᠤᠯᠢᠮᠫᠢᠺ᠎ᠤᠨ ᠲᠠᠮᠢᠷ ᠤ᠋ᠨ ᠴᠤᠬᠯᠠᠭᠠᠨ ᠳ᠋ᠤ 24 ᠶᠡᠬᠡ ᠲᠥᠷᠥᠯ᠂ 316 ᠪᠠᠭ᠎ᠠ ᠲᠦᠷᠦᠯ᠎ᠤᠨ ᠤᠷᠤᠯᠳᠤᠭᠠᠨ᠎ᠢ ᠲᠤᠬᠢᠷᠠᠭᠤᠯᠵᠠᠢ᠂ ᠡᠭᠦᠨ᠎ᠳᠦ ᠰᠠᠭ᠍ᠰᠤᠨ ᠪᠥᠮᠪᠥᠭᠡ᠂ ᠬᠥᠯ ᠪᠥᠮᠪᠥᠭᠡ᠂ ᠤᠮᠪᠠᠯᠲᠠ ᠵᠡᠷᠭᠡ 14 ᠶᠡᠬᠡ ᠲᠥᠷᠥᠯ ᠢ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ᠎ᠳᠤ ᠠᠩᠬ᠎ᠠ ᠤᠳᠠᠭ᠎ᠠ ᠲᠤᠬᠢᠷᠠᠭᠤᠯᠵᠤ᠂ ᠮᠠᠨ ᠤ᠋ ᠤᠷᠤᠨ ᠤ᠋ ᠲᠡᠤᠬᠡᠨ ᠳ᠋ᠡᠬᠢ ᠬᠡᠪᠴᠢᠶ᠎ᠡ᠎ᠪᠡᠷ ᠬᠠᠮᠤᠭ᠎ᠤᠨ ᠶᠡᠬᠡ᠂ ᠤᠷᠤᠯᠳᠤᠭᠠᠨ᠎ᠤ ᠲᠥᠷᠥᠯ ᠬᠠᠮᠤᠭ᠎ᠤᠨ ᠪᠦᠷᠢᠨ᠂ ᠤᠷᠤᠯᠳᠤᠭᠠᠨ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠪᠠᠷ ᠬᠠᠮᠤᠭ ᠤᠨ ᠣᠯᠠᠨ ᠨᠢᠭᠡ ᠬᠤᠭᠤᠴᠠᠭᠠᠨ᠎ᠤ ᠵᠡᠮᠳᠡᠭ᠌ᠴᠦᠳ᠎ᠦᠨ ᠶᠡᠷᠦᠩᠬᠡᠢᠯᠡᠭ᠌ᠰᠡᠨ ᠴᠢᠨᠠᠷᠲᠠᠶ ᠲᠠᠮᠢᠷ᠎ᠤᠨ ᠴᠤᠭ᠍ᠯᠠᠭᠠᠨ ᠪᠣᠯᠤᠬᠰᠠᠨ ᠪᠠᠢᠨ᠎ᠠ᠃ ᠪᠦᠬᠦ ᠤᠷᠤᠨ ᠤ᠋ 12 ᠠᠢᠮᠠᠭ ᠬᠤᠳᠠ ᠵᠢᠨ 1000 ᠭᠠᠷᠤᠢ ᠵᠡᠮᠳᠡᠭ ᠲᠠᠮᠢᠷᠴᠢᠳ ᠮᠠᠨᠢ ᠬᠠᠳᠠᠭᠤ ᠵᠤᠷᠢᠭ᠂ ᠲᠡᠰᠪᠤᠷᠢ ᠲᠡᠪᠴᠢᠶᠡᠷᠢ᠂ ᠰᠢᠨᠳᠠᠷᠠᠰᠢ ᠦᠭᠡᠢ ᠴᠢᠷᠮᠠᠢᠯᠭ᠎ᠠ ᠪᠡᠷ ᠵᠢᠡᠨ 《ᠨᠡᠩ ᠲᠦᠷᠭᠡᠨ᠂ ᠨᠡᠩ ᠥᠨᠳᠥᠷ᠂ ᠨᠡᠩ ᠬᠦᠴᠦᠷᠬᠡᠭ᠂ ᠨᠡᠩ ᠪᠦᠯᠬᠦᠮᠳᠡᠯ᠎ᠲᠡᠶ 》 ᠪᠡᠶ᠎ᠠ ᠵᠢᠨ ᠲᠠᠮᠢᠷ ᠤ᠋ᠨ ᠵᠤᠷᠢᠭ ᠰᠠᠨᠠᠭ᠎ᠠ ᠵᠢ ᠢᠯᠡᠷᠡᠬᠦᠯᠵᠦ᠂ ᠨᠠᠷᠠᠨ ᠵᠦᠭ ᠮᠦᠰᠢᠶᠡᠭᠰᠡᠨ ᠠᠮᠢ ᠨᠠᠰᠤᠨ᠎ᠤ ᠭᠡᠷᠡᠯ ᠭᠢᠯᠪᠠᠭ᠎ᠠ᠎ᠵᠢ ᠤᠯᠠᠨ᠎ᠠ ᠭᠠᠢᠬᠠᠭᠤᠯᠪᠠ᠃



ᠲᠣᠣᠺᠢᠣ᠋᠎ᠶ᠋ᠢᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ ᠰᠢᠳᠡᠬᠦᠷ ᠵᠢᠳᠠ ᠵᠢᠨ ᠤᠷᠤᠯᠳᠤᠭᠠᠨ ᠤ ᠲᠥᠷᠥᠯ᠎ᠦᠨ ᠠᠯᠲᠠᠨ ᠮᠧᠳᠠᠯ ᠢ᠋ᠭᠠᠷᠳᠠᠵᠤ᠂ ᠳᠡᠯᠡᠬᠡᠶ᠎ᠶ᠋ᠢᠨ ᠲᠡᠮᠳᠡᠭ᠌ᠯᠡᠯ᠎ᠢ ᠡᠭᠦᠳᠦᠭ᠌ᠰᠡᠨ ᠣᠷᠳᠣᠰ ᠨᠤᠲᠤᠭ᠎ᠲᠠᠶ ᠲᠠᠮᠢᠷᠴᠢᠨ ᠰᠦᠨ ᠫᠧᠩ ᠱᠢᠶᠠᠩ ᠲᠣᠰ ᠬᠤᠭᠤᠴᠠᠭᠠᠨ᠎ᠤ ᠤᠷᠤᠯᠳᠤᠭᠠᠨ᠎ᠳᠤ ᠰᠢᠷᠡᠮᠦᠨ ᠪᠥᠮᠪᠥᠭᠡ᠂ ᠵᠡᠭᠡᠷᠡᠩᠬᠡᠶ᠂ ᠰᠢᠳᠡᠬᠦᠷ ᠵᠢᠳᠠ ᠵᠡᠷᠭᠡ 3 ᠲᠥᠷᠥᠯ᠎ᠦᠨ ᠠᠯᠲᠠᠨ ᠮᠧᠳᠠᠯ ᠢ ᠣᠯᠵᠤ᠂ ᠳᠡᠯᠡᠬᠡᠶ᠎ᠶ᠋ᠢᠨ ᠮᠠᠩᠯᠠᠶ᠎ᠶ᠋ᠢᠨ ᠴᠣᠭ ᠵᠢᠪᠬᠤᠭ᠎ᠠ᠎ᠶ᠋ᠢ ᠢᠯᠡᠷᠡᠭᠦᠯᠪᠡ; ᠪᠡᠭᠡᠵᠢᠩ᠎ᠦᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠵᠡᠭᠡᠷᠡᠩᠬᠡᠶᠶ᠋ᠢᠨ ᠲᠥᠷᠥᠯ ᠵᠦᠶ᠋ᠯ᠎ᠦᠨ ᠠᠯᠲᠠᠨ ᠮᠧᠳᠠᠯ᠂ ᠠᠷᠪᠠᠨ ᠨᠢᠭᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ᠎ᠤ ᠰᠢᠷᠠᠮ᠎ᠦᠨ ᠪᠥᠮᠪᠥᠭᠡ ᠪᠠ ᠵᠡᠭᠡᠷᠡᠩᠬᠡᠶᠶ᠋ᠢᠨ ᠲᠥᠷᠥᠯ ᠵᠦᠶ᠋ᠯ᠎ᠦᠨ ᠠᠯᠲᠠᠨ ᠮᠧᠳᠠᠯᠢ᠋ ᠬᠦᠷᠳᠡᠭᠰᠡᠨ ᠮᠥᠩᠬᠦᠨᠵᠢᠮᠢᠰ ᠲᠣᠰ ᠬᠤᠭᠤᠴᠠᠭᠠᠨ᠎ᠤ ᠤᠷᠤᠯᠳᠤᠭᠠᠨ᠎ᠳᠤ ᠰᠢᠷᠠᠮ᠎ᠦᠨ ᠪᠥᠮᠪᠥᠭᠡ᠂ ᠰᠢᠳᠡᠬᠦᠷ ᠵᠢᠳᠠ᠂ ᠵᠡᠭᠡᠷᠡᠩᠬᠡᠶ ᠵᠡᠷᠭᠡ 3 ᠲᠥᠷᠥᠯ ᠦᠨ ᠲᠡᠷᠢᠬᠦᠨ ᠳ᠋ᠤ ᠲᠤᠳᠤᠷᠠᠯ᠎ᠠ᠃ ᠰᠦᠨ ᠫᠧᠩ ᠱᠢᠶᠠᠩ ᠂ ᠮᠦᠩᠭᠦᠨᠵᠢᠮᠢᠰ ᠁ ᠲᠠᠮᠢᠷᠴᠢᠳ ᠮᠠᠨᠢ ᠲᠤᠰ ᠪᠡᠶ᠎ᠡ ᠵᠢᠨ ᠦᠩᠭᠡᠷᠡᠯᠳᠡ ᠲᠡᠮᠡᠴᠡᠯ᠂ ᠦᠯᠢᠭᠡᠷ ᠳᠠᠭᠤᠷᠢᠶᠠᠯ᠎ᠤᠨ ᠬᠦᠴᠦᠨ᠎ᠢᠶᠡᠷ ᠵᠣᠷᠢᠭ᠍ᠲᠠᠶ᠎ᠪᠠᠷ ᠬᠦᠴᠢᠷ ᠪᠡᠷᠬᠡᠱᠢᠶᠡᠯᠢ᠋ ᠢᠯᠠᠨ ᠲᠠᠪᠠᠵᠤ᠂ ᠦᠭᠡᠳᠡᠷᠭᠡᠭ ᠪᠠᠶᠠᠰᠤᠩᠭᠤᠶ᠎ᠪᠠᠷ ᠠᠮᠢᠳᠤᠷᠠᠯ᠎ᠳᠠᠭᠠᠨ ᠬᠠᠨᠳᠤᠬᠤ ᠢᠳᠡᠭᠡᠯ ᠵᠤᠷᠢᠭ ᠢ ᠬᠦᠮᠦᠰ ᠲᠸ᠋ ᠲᠠᠮᠵᠢᠭᠤᠯᠤᠨ᠎ᠠ᠃



ᠰᠢᠯᠢ ᠵᠢᠨ ᠭᠤᠤᠯ ᠠᠢᠮᠠᠭ ᠤ᠋ᠨ ᠲᠦᠯᠦᠭᠡᠯᠡᠭᠴᠢᠳ ᠤ᠋ᠨ ᠪᠦᠯᠬᠦᠮ ᠤ᠋ᠨ 14 ᠨᠠᠰᠤᠳᠠᠢ ᠬᠡᠤᠬᠡᠨ ᠶᠠᠨ ᠪᠦᠸᠸ ᠬᠦᠨᠳᠦ ᠬᠦᠩᠭᠡᠨ ᠪᠡᠶ᠎ᠡ ᠵᠢᠨ ᠲᠠᠮᠢᠷ ᠤ᠋ᠨ ᠲᠠᠯᠠᠪᠠᠢ ᠳ᠋ᠤ T45 — 47 ᠲᠡᠰ ᠤ᠋ᠨ 400 ᠮᠸᠲᠷ᠂ 200 ᠮᠸᠲᠷ᠂ 100 ᠮᠸᠲᠷ ᠤ᠋ᠨ ᠰᠢᠢᠳᠪᠤᠷᠢᠳᠤ ᠤᠷᠤᠯᠳᠤᠭᠠᠨ ᠤ᠋ ᠲᠡᠷᠢᠬᠦᠨ ᠳ᠋ᠤ ᠲᠤᠳᠤᠷᠠᠵᠤ᠂ 3 ᠠᠯᠳᠠᠨ ᠮᠸᠳᠠᠯ ᠲᠤᠰᠤᠯ᠎ᠠ; ᠬᠥᠯᠥᠨ ᠪᠣᠢᠷ ᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ ᠤ᠋ᠨ ᠯᠢ ᠳ᠋ᠢᠶᠠᠨ ᠱᠢᠨ ᠪᠣᠯ ᠰᠣᠨᠣᠷ᠎ᠤᠨ ᠰᠠᠭᠠᠳ᠎ᠲᠠᠶ ᠲᠠᠮᠢᠷᠴᠢᠨ ᠪᠣᠯᠤᠨ᠎ᠠ᠃ ᠨᠥᠭᠥᠭᠡ ᠨᠢᠭᠡ ᠲᠠᠮᠢᠷᠴᠢᠨ ᠰᠢᠢᠳᠪᠤᠷᠢᠳᠤ ᠤᠷᠤᠯᠳᠤᠭᠠᠨ᠎ᠠᠴᠠ ᠤᠬᠤᠷᠢᠨ ᠭᠠᠷᠤᠭ᠍ᠰᠠᠨ᠎ᠠᠴᠠ ᠲᠡᠷᠨ ᠵᠦᠭᠡᠯᠡᠨ ᠪᠤᠷᠤᠭᠠᠨ ᠤ᠋ ᠲᠤᠮᠳᠠ ᠭᠠᠭ᠍ᠴᠠ ᠬᠥᠮᠦᠨ᠎ᠦ 10000 ᠮᠧᠲ᠋ᠷ ᠤ᠋ᠨ ᠤᠷᠤᠯᠳᠤᠭᠠᠨ᠎ᠢᠶᠠᠨ ᠡᠬᠢᠯᠡᠭᠦᠯᠪᠠ᠃ ᠯᠢ ᠳ᠋ᠢᠶᠠᠨ ᠱᠢᠨ ᠨᠢᠭᠡ ᠴᠠᠭᠠᠷᠢᠭ ᠢ᠋ ᠭᠦᠶᠦᠵᠦ᠍ ᠲᠠᠭᠤᠰᠬᠤ ᠪᠦᠷᠢ᠂ ᠲᠤᠬᠠᠶ᠎ᠶ᠋ᠢᠨ ᠲᠠᠯᠠᠪᠠᠢ᠎ᠶ᠋ᠢᠨ ᠲᠠᠮᠢᠷᠴᠢᠨ᠂ ᠬᠢᠨᠠᠭ᠍ᠴᠢ᠂ ᠰᠠᠢᠨ ᠲᠤᠷᠠᠴᠤᠤᠯ᠂ ᠦᠵᠡᠭ᠌ᠴᠢᠳ ᠪᠦᠷ ᠬᠠᠯᠠᠭᠤᠨ ᠠᠯᠠᠭ᠎ᠠ ᠲᠠᠰᠢᠵᠤ ᠤᠷᠮ᠎ᠠ ᠵᠤᠷᠢᠬ ᠬᠠᠢᠷᠠᠯᠠᠨ᠎ᠠ᠃ ᠡᠴᠦᠰ ᠲᠸ᠋ ᠯᠢ ᠳ᠋ᠢᠶᠠᠨ ᠱᠢᠨ 36 ᠮᠢᠨᠦ᠋ᠲ 42 ᠰᠧᠺᠦ᠋ᠨ᠋ᠳ᠋ 02᠎ᠤ᠋ᠨ ᠬᠢᠷᠢ ᠪᠦᠲᠦᠮᠵᠢ᠎ᠪᠡᠷ ᠤᠷᠤᠯᠳᠤᠭᠠᠨ᠎ᠢᠶᠠᠨ ᠤᠷᠤᠭ᠍ᠰᠢᠲᠠᠶ ᠳᠠᠭᠤᠰᠭᠠᠵᠤ᠂ ᠠᠯᠲᠠᠨ ᠮᠧᠳᠠᠯ ᠭᠠᠷᠳᠠᠯ᠎ᠠ᠃ ᠶᠠᠨ ᠪᠦᠸᠸ᠂ ᠯᠢ ᠳ᠋ᠢᠶᠠᠨ ᠱᠢᠨ ᠡᠢᠨᠬᠦ ᠵᠠᠯᠠᠭᠤ ᠲᠠᠮᠢᠷᠴᠢᠳ ᠤ᠋ᠨ ᠲᠠᠰᠤᠷᠠᠯᠳᠠ ᠦᠬᠡᠢ ᠦᠪᠡᠷ ᠢ᠋ ᠪᠠᠨ ᠲᠠᠪᠠᠵᠤ᠂ ᠴᠤᠴᠠᠯᠳᠠ ᠦᠭᠡᠢ ᠤᠷᠤᠬᠰᠢᠯᠠᠵᠤ᠂ ᠰᠢᠯᠢᠳᠡᠭ ᠬᠢᠷᠢ ᠪᠦᠳᠦᠮᠵᠢ ᠵᠢ ᠬᠦᠬᠡᠬᠡᠴᠡᠯᠳᠤᠬᠦ ᠲᠡᠮᠡᠴᠡᠯ ᠤ᠋ᠨ ᠵᠤᠷᠢᠬ ᠰᠠᠨᠠᠭ᠎ᠠ ᠵᠢ ᠦᠵᠡᠬᠦᠯᠦᠨ᠎ᠠ ᠁

ᠶᠡᠷᠦᠩᠬᠡᠢ ᠱᠦᠵᠢ ᠰᠢ ᠵᠢᠨ ᠫᠢᠩ᠂ ᠵᠡᠮᠳᠡᠭ᠌ᠴᠦᠳ ᠪᠣᠯ ᠣᠨᠴᠠᠭᠠᠢ ᠬᠦᠴᠢᠷᠳᠡᠯᠲᠡᠢ ᠬᠥᠮᠦᠰ ᠪᠣᠯᠬᠣᠷ ᠣᠨᠴᠠᠭᠠᠢ ᠬᠠᠯᠠᠮᠵᠢᠯᠠᠵᠤ᠂ ᠣᠨᠴᠠᠭᠠᠢ ᠠᠩᠬᠠᠷᠤᠯ ᠲᠠᠯᠪᠢᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃ ᠵᠡᠮᠳᠡᠭ᠌ᠴᠦᠳ ᠪᠣᠯ ᠪᠣᠯᠪᠠᠰᠤᠨ ᠨᠡᠢᠭᠡᠮ᠎ᠦᠨ ᠲᠤᠮᠤ ᠭᠡᠷ ᠪᠦᠯᠢ᠎ᠵᠢᠨ ᠲᠤᠳᠤᠨᠤ ᠪᠦᠷᠢᠯᠳᠦᠬᠦᠨ᠂ ᠨᠡᠢᠭᠡᠮ ᠤ᠋ᠨ ᠭᠦᠭᠵᠢᠯᠳᠠ ᠲᠠᠪᠰᠢᠯᠳᠠ ᠵᠢᠨ ᠤᠮᠳᠤᠭᠠᠢᠯᠠᠵᠤ ᠪᠤᠯᠤᠰᠢ ᠦᠭᠡᠢ ᠨᠢᠭᠡᠨ ᠰᠠᠯᠠᠭ᠎ᠠ ᠬᠦᠴᠦᠨ ᠴᠡᠷᠢᠭ ᠮᠥᠨ᠃ ᠤᠢᠷ᠎ᠠ ᠵᠢᠨ ᠵᠢᠯ ᠤ᠋ᠨ ᠲᠤᠷᠰᠢ᠂ ᠮᠠᠨ ᠤ᠋ ᠣᠷᠣᠨ ᠵᠡᠮᠳᠡᠭ᠌ᠴᠦᠳ᠎ᠦᠨ ᠦᠢᠯᠡᠰ᠎ᠦᠨ ᠬᠥᠭ᠌ᠵᠢᠯᠲᠡ᠎ᠶ᠋ᠢ ᠣᠨᠴᠠᠭᠠᠢᠯᠠᠨ ᠬᠠᠯᠠᠮᠵᠢᠯᠠᠵᠤ᠂ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ᠂ ᠵᠡᠮᠳᠡᠭ᠌ᠴᠦᠳ᠎ᠦᠨ ᠠᠮᠢᠳᠤᠷᠠᠯ ᠢ ᠦᠨᠡᠨ ᠬᠦ᠌ ᠪᠠᠲᠤᠯᠠᠨ ᠰᠠᠢᠵᠢᠷᠠᠭᠤᠯᠵᠤ᠂ ᠵᠡᠮᠳᠡᠭ᠌ᠴᠦᠳ᠎ᠦᠨ ᠠᠵᠠ ᠵᠢᠷᠭᠠᠯ᠎ᠢ ᠲᠠᠰᠤᠷᠠᠯᠲᠠ ᠤᠢ᠍ᠭᠡᠢ ᠨᠡᠮᠡᠭ᠌ᠳᠡᠭᠦᠯᠦᠨ᠂ ᠡᠯ᠎ᠡ ᠵᠦᠢᠯ᠎ᠦᠨ ᠠᠵᠢᠯ ᠦᠢᠯᠡᠰ ᠲᠦᠷᠭᠡᠨ ᠳᠠᠪᠱᠢᠯᠲᠠ᠎ᠲᠠᠶ ᠪᠣᠯᠵᠠᠢ᠂ ᠢᠯᠠᠩᠭᠤᠶ᠎ᠠ ᠵᠡᠮᠳᠡᠭ᠌ᠴᠦᠳ᠎ᠦᠨ ᠣᠯᠠᠨ ᠲᠦᠮᠡᠨᠴᠢ ᠪᠡᠶ᠎ᠡ᠎ᠶ᠋ᠢᠨ ᠲᠠᠮᠢᠷ ᠥᠷᠨᠢᠨ ᠭᠦᠭᠵᠢᠵᠤ᠂ ᠦᠷᠢᠰᠦᠯᠳᠦᠭᠡᠨᠳᠦ ᠤᠷᠤᠯᠳᠤᠭᠠᠨ᠎ᠤ ᠪᠡᠶ᠎ᠡ ᠶ᠋ᠢᠨ ᠲᠠᠮᠢᠷ᠎ᠤᠨ ᠲᠦᠪᠰᠢᠨ ᠦᠷᠬᠦᠯᠵᠢᠯᠡᠨ ᠳᠡᠭᠡᠭ᠌ᠰᠢᠯᠡᠵᠦ᠍᠂ ᠮᠠᠨ᠎ᠤ ᠣᠷᠣᠨ᠎ᠤ ᠵᠡᠮᠳᠡᠭ ᠲᠠᠮᠢᠷᠴᠢᠳ ᠳᠡᠯᠡᠬᠡᠶ ᠶ᠋ᠢᠨ ᠪᠠ ᠤᠯᠤᠰ᠎ᠤᠨ ᠳᠣᠲᠣᠭᠠᠳᠤ᠎ᠶ᠋ᠢᠨ ᠤᠷᠤᠯᠳᠤᠭᠠᠨ᠎ᠤ ᠳᠤᠮᠳᠠ ᠤᠳᠠᠭ᠎ᠠ ᠳᠠᠷᠠᠭᠠᠯᠠᠨ ᠱᠢᠯᠢᠳᠡᠭ ᠠᠮᠵᠢᠯᠲᠠ ᠪᠦᠲᠦᠮᠵᠢ ᠣᠯᠵᠤ᠂ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠦᠢᠯᠡᠰ᠎ᠦᠨ ᠬᠥᠭ᠌ᠵᠢᠯᠲᠡ᠎ᠳᠦ ᠴᠢᠬᠤᠯᠠ ᠬᠤᠪᠢ ᠨᠡᠮᠡᠷᠢ ᠦᠵᠡᠭᠦᠯᠪᠡ᠃
《ᠦᠯᠡᠮᠵᠢ ᠵᠢᠨ ᠬᠠᠢᠷ᠎ᠠ ᠲᠠᠢ ᠤᠮᠠᠷᠠᠳᠤ ᠬᠢᠯᠢ ᠳ᠋ᠤ ᠰᠡᠳᠬᠢᠯ ᠨᠢᠭᠡᠳᠤᠨ ᠬᠦᠰᠡᠯ ᠵᠡᠬᠦᠳᠤ ᠪᠠᠨ ᠲᠡᠷᠬᠡᠯᠰᠢᠬᠦᠯᠦᠨᠠ》᠃ ᠲᠤᠰ ᠬᠤᠭᠤᠴᠠᠭᠠᠨ᠎ᠤ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ᠎ᠢ ᠠᠮᠵᠢᠯᠳᠠ ᠲᠠᠢ ᠡᠷᠬᠢᠯᠡᠭ᠌ᠰᠡᠨ ᠨᠢ ᠨᠡᠢᠭᠡᠮ᠎ᠦᠨ ᠡᠯ᠎ᠡ ᠡᠲᠡᠭᠡᠳ᠎ᠦᠨ ᠬᠢᠨ᠎ᠦ ᠵᠡᠮᠳᠡᠭ᠌ᠴᠦᠳ᠎ᠦᠨ ᠲᠤᠬᠠᠢ ᠣᠢᠯᠠᠭᠠᠯᠲᠠ ᠪᠠ ᠬᠦᠨᠳᠦᠳᠭᠡᠯ᠂ ᠬᠠᠯᠠᠮᠵᠢᠯᠠᠯ ᠪᠠ ᠬᠠᠪᠰᠤᠷᠤᠯᠭ᠎ᠠ ᠲᠡᠮᠵᠢᠯᠭᠡ ᠵᠢ ᠴᠢᠨᠠᠭᠰᠢᠳᠠ ᠴᠢᠩᠭᠠᠳᠬᠠᠵᠤ᠂ ᠵᠡᠮᠳᠡᠭ᠌ᠴᠦᠳ᠎ᠦᠨ ᠦᠢᠯᠡᠰ᠎ᠢ ᠬᠦᠭᠵᠢᠬᠦᠯᠬᠦ ᠰᠠᠢ᠌ᠨ ᠰᠠᠢᠬᠠᠨ ᠠᠭᠤᠷ ᠠᠮᠢᠰᠭᠤᠯ ᠢ ᠪᠤᠢ ᠪᠤᠯᠭᠠᠵᠤ᠂ ᠵᠡᠮᠳᠡᠭ᠌ᠴᠦᠳ᠎ᠦᠨ ᠦᠢᠯᠡᠰ᠎ᠦᠨ ᠬᠥᠭ᠌ᠵᠢᠯᠲᠡ᠎ᠶ᠋ᠢᠨ ᠬᠦᠴᠦᠷᠬᠡᠭ ᠶᠡᠬᠡ ᠨᠡᠢᠯᠡᠯ ᠬᠦᠴᠦᠨ᠎ᠢ ᠪᠦᠷᠢᠯᠳᠦᠭᠦᠯᠵᠦ᠍᠂ ᠥᠷᠭᠡᠨ ᠤᠯᠠᠨ ᠵᠡᠮᠳᠡᠭ᠌ᠴᠦᠳ᠎ᠦᠨ ᠬᠦᠷᠲᠡᠮᠵᠢ᠎ᠶ᠋ᠢᠨ ᠲᠦᠷᠦᠭ᠌ᠳᠡᠯ᠂ ᠵᠤᠯ ᠵᠢᠷᠭᠠᠯᠲᠤ ᠲᠦᠷᠦᠭ᠌ᠳᠡᠯ ᠪᠠ ᠠᠮᠤᠷ ᠲᠦᠪᠱᠢᠨ᠎ᠦ ᠲᠦᠷᠦᠭ᠌ᠳᠡᠯ ᠢ ᠨᠢ ᠨᠡᠮᠡᠭᠳᠡᠬᠦᠯᠬᠦ ᠪᠤᠯᠤᠨ᠎ᠠ᠃ ᠡᠨᠡ ᠨᠢ ᠮᠦᠨ ᠴᠸ᠋ ᠪᠦᠬᠦ᠌ ᠣᠷᠣᠨ᠎ᠤ ᠥᠷᠭᠡᠨ ᠤᠯᠠᠨ ᠵᠡᠮᠳᠡᠭ᠌ᠴᠦᠳ᠎ᠦᠨ ᠥᠪᠡᠷ᠎ᠢ᠎ᠪᠡᠨ ᠬᠦᠨᠳᠦᠳᠭᠡᠬᠦ᠌᠂ ᠥᠪᠡᠷ᠎ᠢ᠎ᠪᠡᠨ ᠢᠲᠡᠭᠡᠬᠦ᠌᠂ ᠥᠪᠡᠷ᠎ᠢ᠎ᠪᠡᠨ ᠬᠦᠴᠦᠷᠬᠡᠭ᠌ᠵᠢᠭᠦᠯᠬᠦ᠌᠂ ᠪᠡᠶ᠎ᠡ᠎ᠪᠡᠨ ᠳᠠᠭᠠᠭᠠᠬᠤ ᠢᠳᠡᠭᠡᠯ ᠵᠤᠷᠢᠭ ᠢ᠋ ᠬᠦᠪᠴᠢᠯᠡᠨ ᠲᠠᠢᠴᠢᠯᠠᠵᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠲᠡᠶ ᠬᠠᠮᠲᠤ᠎ᠪᠠᠷ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ ᠨᠢ ᠲᠠᠮᠵᠢᠭ ᠦᠭᠡᠢ᠃
ᠬᠡᠷᠡᠯ ᠵᠢᠷᠤᠬ ᠤᠳ ᠪᠤᠯ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠵᠢᠷᠭᠤᠳᠤᠭᠠᠷ ᠬᠤᠭᠤᠴᠠᠭᠠᠨ ᠤ᠋ ᠵᠡᠮᠳᠡᠭᠴᠤᠳ ᠤ᠋ᠨ ᠲᠠᠮᠢᠷ ᠤ᠋ᠨ ᠴᠤᠬᠯᠠᠭᠠᠨ ᠵᠢᠴᠢ ᠤᠨᠴᠠᠭᠠᠢ ᠤᠯᠢᠮᠫᠢᠺ᠎ᠤᠨ ᠲᠠᠮᠢᠷ ᠤ᠋ᠨ ᠴᠤᠬᠯᠠᠭᠠᠨ ᠤ ᠠᠬᠤᠢ ᠥᠵᠡᠭᠲᠡᠯ ᠪᠤᠯᠤᠨ᠎ᠠ
(ᠬᠡᠷᠡᠯ ᠵᠢᠷᠤᠭ ᠤ᠋ᠳ ᠢ᠋ ᠮᠡᠷᠭᠡᠨᠪᠢᠯᠢᠭ ᠬᠠᠩᠭᠠᠪᠠ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃