ᠰᠣᠶᠣᠯ ᠤᠷᠠᠯᠢᠭ > ᠠᠷᠪᠠᠨ ᠲᠠᠪᠤᠳᠤᠭᠠᠷ ᠬᠤᠭᠤᠴᠠᠭᠠᠨ᠎ᠤ᠋ ᠲᠠᠮᠢᠷ᠎ᠤ᠋ᠨ ᠴᠤᠭᠯᠠᠭᠠᠨ

2023-08-30 11:40:24

ᠵᠣᠬᠢᠶᠠᠭ᠍ᠴᠢ᠄ ​ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

ᠬᠥᠬᠡᠬᠣᠲᠠ᠎ᠶ᠋ᠢᠨ ᠪᠡᠶ᠎ᠡ᠎ᠶᠢᠨ ᠲᠠᠮᠢᠷ᠎ᠤᠨ ᠲᠤᠪᠴᠢᠶ᠎ᠠ ᠡᠴᠡ ᠤᠢᠯᠠᠭᠠᠭᠰᠠᠨ᠎ᠶ᠋ᠢᠡᠷ᠂ ᠲᠦᠷᠦᠭᠦᠭᠡᠨ ᠦᠨᠳᠦᠷᠯᠡᠭᠰᠡᠨ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠳᠤ ᠬᠥᠬᠡᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ ᠵᠢᠨ ᠬᠢᠨ ᠨᠡᠢᠲᠡ 2045 ᠬᠥᠮᠦᠨ ᠤᠳᠠᠭ᠎ᠠ 49 ᠵᠦᠶ᠋ᠯ᠎ᠦᠨ ᠤᠷᠤᠯᠳᠤᠭᠠᠨ᠎ᠳᠤ ᠣᠷᠣᠯᠴᠠᠵᠤ᠂ ᠨᠡᠢᠲᠡ 223 ᠠᠯᠲᠠᠨ ᠮᠧᠳᠠᠯ ᠂ 682 ᠱᠠᠩᠨᠠᠯ᠎ᠤᠨ ᠮᠧᠳᠠᠯ ᠤᠯᠵᠠᠢ᠃

ᠠᠯᠲᠠᠨ ᠮᠧᠳᠠᠯ᠎ᠤᠨ ᠶᠡᠷᠦᠩᠬᠡᠶ ᠲᠣᠭ᠎ᠠ᠂ ᠱᠠᠩᠨᠠᠯ᠎ᠤᠨ ᠮᠧᠳᠠᠯ᠎ᠤᠨ ᠶᠡᠷᠦᠩᠬᠡᠶ ᠲᠣᠭ᠎ᠠ᠂ ᠪᠦᠯᠬᠦᠮ᠎ᠦᠨ ᠶᠡᠷᠦᠩᠬᠡᠶ ᠬᠤᠪᠢ ᠵᠡᠷᠭᠡ ᠪᠡᠷ ᠴᠥᠮ ᠥᠪᠡᠷᠲᠡᠭᠡᠨ ᠵᠠᠰᠠᠬᠤ ᠣᠷᠣᠨ᠎ᠤ ᠡᠯ᠎ᠡ ᠠᠢᠮᠠᠭ ᠬᠣᠲᠠ᠎ᠶ᠋ᠢᠨ ᠬᠣᠶᠠᠳᠤᠭᠠᠷ ᠨᠡᠷᠡᠰ᠎ᠲᠤ ᠲᠤᠳᠤᠷᠠᠭᠰᠠᠨ ᠪᠦᠭᠡᠳ ᠪᠡᠶ᠎ᠡ᠎ᠶ᠋ᠢᠨ ᠲᠠᠮᠢᠷ᠎ᠤᠨ ᠶᠣᠰᠣ ᠰᠤᠷᠲᠠᠬᠤᠨ᠎ᠤ ᠱᠠᠩᠨᠠᠯ᠎ᠢ ᠭᠥᠷᠳᠡᠵᠦ᠍᠂ ᠤᠷᠤᠯᠳᠤᠭᠠᠨ᠎ᠤ ᠬᠢᠷᠢ ᠪᠦᠲᠦᠮᠵᠢ ᠪᠠ ᠣᠶᠤᠨ᠎ᠤ ᠪᠣᠯᠪᠠᠰᠤᠨ᠎ᠤ 《ᠬᠤᠤᠰ ᠡᠯᠪᠡᠭ ᠬᠤᠷᠢᠶᠠᠯᠲᠠ》 ᠎ᠶ᠋ᠢ ᠣᠯᠵᠤ᠂ ᠬᠥᠬᠡᠬᠣᠲᠠ᠎ᠶ᠋ᠢᠨ ᠲᠠᠮᠢᠷᠴᠢᠳ᠎ᠤᠨ ᠡᠷᠡᠯᠬᠡᠭ᠌ᠯᠡᠨ ᠲᠡᠮᠡᠴᠡᠬᠦ᠌ ᠣᠶᠤᠨ ᠰᠠᠨᠠᠭᠠᠨ᠎ᠤ ᠰᠠᠢᠨ ᠰᠠᠢᠬᠠᠨ ᠲᠦᠷᠰᠦ ᠪᠠᠢᠳᠠᠯ᠎ᠢ ᠬᠦᠢᠴᠡᠳ ᠢᠯᠡᠷᠡᠭᠦᠯᠪᠡ᠃ ᠡᠭᠦᠨ᠎ᠳᠦ ᠣᠯᠠᠨ ᠲᠦᠮᠡᠨᠴᠢ ᠳᠤᠭᠤᠢᠯᠠᠩ᠎ᠤᠨ ᠤᠷᠤᠯᠳᠤᠭᠠᠨ᠎ᠳᠤ ᠨᠡᠢ᠌ᠲᠡ 19 ᠠᠯᠲᠠᠨ ᠮᠧᠳᠠᠯ᠂ 13 ᠮᠥᠩᠭᠥᠨ ᠮᠧᠳᠠᠯ᠂ 5 ᠬᠦᠷᠡᠯ ᠮᠧᠳᠠᠯ ᠤᠯᠵᠤ᠂ ᠦᠷᠢᠰᠦᠯᠳᠦᠭᠡᠨᠳᠦ ᠤᠷᠤᠯᠳᠤᠭᠠᠨ᠎ᠤ ᠳᠤᠭᠤᠢᠯᠠᠩ᠎ᠨᠢ ᠨᠡᠢᠲᠡ 204 ᠠᠯᠲᠠᠨ ᠮᠧᠳᠠᠯ᠂ 211 ᠮᠥᠩᠭᠥᠨ ᠮᠧᠳᠠᠯ᠂ 230 ᠬᠦᠷᠡᠯ ᠮᠧᠳᠠᠯ ᠣᠯᠵᠤ᠂ 4 ᠬᠥᠮᠦᠨ ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠥᠨᠳᠥᠷ ᠲᠡᠮᠳᠡᠭ᠌ᠯᠡᠯ᠎ᠢ ᠰᠢᠨᠡᠳᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面