ᠰᠣᠶᠣᠯ ᠤᠷᠠᠯᠢᠭ > ᠠᠷᠪᠠᠨ ᠳᠥᠷᠪᠡᠳᠦᠭᠡᠷ ᠬᠤᠭᠤᠴᠠᠭᠠᠨ᠎ᠤ᠋ ᠡᠪᠦᠯ᠎ᠦ᠋ᠨ ᠤᠯᠠᠷᠢᠯ᠎ᠤ᠋ᠨ ᠲᠠᠮᠢᠷ᠎ᠤ᠋ᠨ ᠴᠤᠭᠯᠠᠭᠠᠨ

2024-02-06 10:31:22

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

2 ᠰᠠᠷ᠎ᠠ᠎ᠶᠢᠨ 4 ᠎ᠤ᠋ ᠡᠳᠦᠷ᠂ ᠤᠯᠤᠰ᠎ᠤᠨ ᠴᠠᠨᠠᠯᠠᠯᠲᠠ᠎ᠶ᠋ᠢᠨ ᠲᠥᠪ᠎ᠲᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠎ᠤ ᠲᠠᠪᠴᠠᠩ ᠬᠠᠷᠠᠢᠯᠲᠠ᠎ᠶ᠋ᠢᠨ ᠴᠠᠨᠠᠯᠠᠯᠲᠠ᠎ᠶ᠋ᠢᠨ ᠪᠥᠬᠥ᠌ ᠲᠥᠷᠥᠯ ᠵᠦᠶ᠋ᠯ᠎ᠤᠨ ᠤᠷᠤᠯᠳᠤᠭᠠᠨ ᠦᠨᠳᠦᠷᠯᠡᠪᠡ᠃

ᠰᠡᠭᠦᠯ ᠬᠤᠷᠢᠶᠠᠬᠤ ᠤᠷᠤᠯᠳᠤᠭᠠᠨ᠎ᠳᠤ ᠂ ᠵᠧᠨ ᠸᠧᠶ ᠵᠢᠶᠧ᠂ ᠼᠠᠢ ᠸᠠᠨ ᠱᠠᠨ᠂ ᠼᠦᠢ ᠴᠢ ᠬᠠᠩ᠂ ᠰᠦᠩ ᠴᠢ ᠦ᠋᠎ᠪᠡᠷ ᠪᠦᠷᠢᠯᠳᠦᠭ᠌ᠰᠡᠨ ᠭᠢᠷᠢᠨ᠎ᠦ ᠠᠩᠭᠢ ᠵᠢᠨ ᠭᠢᠨ ᠶᠡᠷᠦᠩᠬᠡᠶ ᠬᠢᠷᠢ ᠪᠦᠲᠦᠮᠵᠢ 666.4 ᠬᠤᠪᠢ᠎ᠪᠠᠷ ᠠᠯᠲᠠᠨ ᠮᠧᠳᠠᠯ ᠣᠯᠪᠠ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠲᠠᠪᠴᠠᠩ ᠬᠠᠷᠠᠢᠯᠲᠠ᠎ᠶᠢᠨ ᠴᠠᠨᠠᠯᠠᠯᠲᠠ᠎ᠶᠢᠨ ᠤᠷᠤᠯᠳᠤᠭᠠᠨ᠎ᠳᠤ ᠨᠡᠢᠲᠡ ᠭᠤᠷᠪᠠᠨ ᠵᠦᠶ᠋ᠯ᠎ᠦᠨ ᠬᠠᠮᠲᠤ᠎ᠶ᠋ᠢᠨ ᠤᠷᠤᠯᠳᠤᠭᠠᠨ ᠲᠣᠬᠢᠷᠠᠭᠤᠯᠵᠤ᠂ ᠭᠢᠷᠢᠨ᠎ᠦ ᠠᠩᠭᠢ ᠪᠦᠬᠦᠨ᠎ᠢᠶᠡᠷ᠎ᠢᠶᠡᠨ ᠠᠯᠲᠠᠨ ᠮᠧᠳᠠᠯ ᠠᠪᠤᠭ᠍ᠰᠠᠨ᠎ᠨᠢ ᠭᠢᠷᠢᠨ᠎ᠦ ᠠᠩᠭᠢ᠎ᠶ᠋ᠢᠨ ᠡᠨᠡ ᠬᠦ᠌ ᠲᠥᠷᠥᠯ ᠵᠦᠶ᠋ᠯ᠎ᠦᠨ ᠲᠠᠯ᠎ᠠ᠎ᠪᠠᠷ ᠬᠢ ᠳᠠᠪᠠᠭᠤᠯᠢᠭ᠎ᠢ ᠭᠦᠶ᠋ᠴᠡᠳ ᠬᠠᠷᠠᠭᠤᠯᠪᠠ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠲᠠᠪᠴᠠᠩ ᠬᠠᠷᠠᠢᠯᠲᠠ᠎ᠶᠢᠨ ᠴᠠᠨᠠᠯᠠᠯᠲᠠ᠎ᠶᠢᠨ ᠤᠷᠤᠯᠳᠤᠭᠠᠨ 1 ᠰᠠᠷ᠎ᠠ᠎ᠶ᠋ᠢᠨ 31᠎ᠤ᠋ ᠡᠳᠦᠷ ᠡᠬᠢᠯᠡᠵᠦ᠍᠂ ᠨᠡᠢᠲᠡ 9 ᠠᠯᠲᠠᠨ ᠮᠧᠳᠠᠯ ᠰᠢᠯᠭᠠᠷᠠᠭᠤᠯᠪᠠ᠃ ᠲᠠᠪᠴᠠᠩ ᠬᠠᠷᠠᠢᠯᠲᠠ᠎ᠶᠢᠨ ᠴᠠᠨᠠᠯᠠᠯᠲᠠ ᠨᠢ ᠮᠠᠨ᠎ᠤ ᠤᠯᠤᠰ᠎ᠲᠤ ᠨᠡᠯᠢᠶᠡᠳ ᠣᠷᠣᠢ ᠡᠬᠢᠯᠡᠭ᠌ᠰᠡᠨ ᠪᠣᠯᠪᠠᠴᠤ᠌᠂ ᠦᠢᠷ᠎ᠡ᠎ᠶ᠋ᠢᠨ ᠬᠡᠳᠦᠨ ᠵᠢᠯ᠎ᠳᠦ ᠳᠠᠰᠭᠠᠯᠵᠢᠭᠤᠯᠤᠭ᠍ᠴᠢ᠂ ᠲᠠᠮᠢᠷᠴᠢᠳ᠎ᠤᠨ ᠴᠥᠬᠥᠷᠡᠰᠢ ᠦᠭᠡᠢ ᠴᠢᠷᠮᠠᠢᠯᠭ᠎ᠠ᠎ᠪᠠᠷ ᠲᠦᠷᠭᠡᠨ ᠳᠠᠪᠱᠢᠯᠲᠠ᠎ᠲᠠᠶ ᠪᠣᠯᠵᠠᠶ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面