2024-02-05 11:12:36
ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ ᠂ ᠪᠦᠬᠦ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠰᠠᠯᠠᠭ᠎ᠠ ᠮᠥᠴᠢᠷ ᠤ᠋ᠨ ᠬᠢᠨ ᠠᠷᠪᠠᠨ ᠳᠥᠷᠪᠡᠳᠦᠭᠡᠷ ᠬᠤᠭᠤᠴᠠᠭᠠᠨ ᠤ᠋ ᠪᠥᠬᠥ᠌ ᠤᠯᠤᠰ ᠤ᠋ᠨ ᠡᠪᠦᠯ ᠤ᠋ᠨ ᠤᠯᠠᠷᠢᠯ ᠤ᠋ᠨ ᠲᠠᠮᠢᠷ ᠤ᠋ᠨ ᠴᠤᠭ᠍ᠯᠠᠭᠠᠨ ᠤ᠋ ᠡᠯ᠎ᠠ ᠤᠷᠤᠯᠳᠤᠭᠠᠨ ᠤ᠋ ᠬᠠᠮᠢᠶ᠎ᠠ ᠪᠥᠬᠥᠶ ᠲᠣᠬᠢᠷᠠᠭᠤᠯᠤᠯᠲᠠ ᠪᠠᠢᠷᠢᠯᠠᠭᠤᠯᠤᠯᠲᠠ ᠶᠣᠰᠣᠭᠠᠷ ᠬᠤᠯᠪᠤᠭᠳᠠᠯ ᠪᠦᠬᠦᠢ ᠰᠠᠯᠠᠭ᠎ᠠ ᠮᠥᠴᠢᠷ ᠪᠠᠢᠭᠤᠯᠭ᠎ᠠ ᠨᠢᠭᠡᠴᠢ ᠢ᠋ᠢ ᠢᠳᠡᠪᠬᠢᠲᠡᠶ ᠵᠣᠬᠢᠴᠠᠭᠤᠯᠵᠤ ᠂ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠦᠶ᠋ᠯᠡᠴᠢᠯᠡᠭᠡᠨ ᠤ᠋ ᠪᠠᠲᠤᠯᠠᠭ᠎ᠠ ᠢ᠋ᠢᠨ ᠠᠵᠢᠯ ᠢ᠋ ᠪᠥᠬᠥ᠌ ᠬᠦᠴᠦᠨ ᠵᠢᠡᠷ ᠵᠢᠡᠨ ᠰᠠᠢᠲᠤᠷ ᠬᠢᠵᠤ ᠪᠠᠢᠨ᠎ᠠ᠃
ᠤᠢᠯᠠᠭᠠᠭᠰᠠᠨ ᠢ᠋ᠢᠡᠷ᠂ ᠬᠥᠯᠥᠨ ᠪᠣᠢᠷ ᠬᠣᠲᠠ᠂ ᠤᠯᠠᠭᠠᠨᠬᠠᠳᠠ ᠬᠣᠲᠠ ᠪᠠ ᠤᠯᠠᠭᠠᠨᠴᠠᠪ ᠬᠣᠲᠠ ᠢ᠋ᠢᠨ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠣᠪᠴᠢᠶ᠎ᠠ ᠨᠢᠭᠡᠨᠲᠡ ᠤᠷᠤᠯᠳᠤᠭᠠᠨ ᠤ᠋ ᠲᠡᠷᠭᠡ ᠡᠯᠰᠡᠬᠦ᠌ ᠪᠠ ᠲᠣᠬᠢᠷᠠᠭᠤᠯᠬᠤ ᠠᠵᠢᠯ ᠢ᠋ ᠰᠠᠢᠲᠤᠷ ᠵᠣᠬᠢᠶᠠᠨ ᠪᠠᠢᠭᠤᠯᠵᠤ᠂ ᠮᠠᠰᠢᠨ ᠲᠡᠷᠭᠡ ᠪᠠ ᠵᠢᠯᠣᠭᠣᠴᠢ ᠢ᠋ᠢ ᠲᠣᠬᠢᠷᠠᠭᠤᠯᠬᠤ ᠲᠣᠭ᠍ᠲᠠᠴᠠ ᠢ᠋ᠢ ᠪᠠᠢᠭᠤᠯᠤᠨ ᠵᠢᠯᠣᠭᠣᠴᠢ ᠢ᠋ᠢᠨ ᠪᠣᠯᠪᠠᠰᠤᠷᠠᠯ ᠥᠷᠨᠢᠭᠦᠯᠵᠦ᠍᠂ ᠵᠢᠯᠣᠭᠣᠴᠢ ᠢ᠋ᠢᠨ ᠠᠮᠤᠷ ᠲᠦᠪᠱᠢᠨ ᠤ᠋ ᠤᠬᠠᠮᠰᠠᠷ᠂ ᠦᠶ᠋ᠯᠡᠴᠢᠯᠡᠭᠡᠨ ᠤ᠋ ᠤᠬᠠᠮᠰᠠᠷ ᠪᠠ ᠬᠠᠷᠢᠭᠤᠴᠠᠯᠭ᠎ᠠ ᠢ᠋ᠢᠨ ᠤᠬᠠᠮᠰᠠᠷ ᠢ᠋ ᠴᠢᠩᠭᠠᠷᠠᠭᠤᠯᠤᠨ᠂ ᠤᠷᠤᠯᠳᠤᠭᠠᠨ ᠤ᠋ ᠶᠠᠪᠤᠳᠠᠯ ᠤ᠋ᠨ ᠲᠡᠭᠡᠭᠡᠪᠦᠷᠢ ᠢ᠋ᠢᠨ ᠬᠦᠴᠦᠨ ᠤ᠋ ᠬᠡᠷᠡᠭ᠌ᠴᠡᠭᠡ ᠱᠠᠭᠠᠷᠳᠠᠯᠭ᠎ᠠ ᠢ᠋ᠢ ᠬᠠᠩᠭᠠᠵᠤ ᠪᠠᠢᠨ᠎ᠠ᠃ 2023 ᠣᠨ ᠤ᠋ 7 ᠰᠠᠷ᠎ᠠ ᠡᠴᠡ ᠣᠲᠣᠬᠠᠨ ᠪᠣᠯᠲᠠᠯ᠎ᠠ᠂ ᠬᠥᠯᠥᠨ ᠪᠤᠢᠷ᠂ ᠤᠯᠠᠭᠠᠨᠬᠠᠲᠠ᠂ ᠤᠯᠠᠭᠠᠨᠴᠠᠪ ᠵᠡᠷᠬᠡ ᠭᠤᠷᠪᠠᠨ ᠬᠣᠲᠠ ᠢ᠋ᠢᠨᠬᠢᠨ ᠨᠡᠢᠲᠡ 476 ᠲᠡᠭᠡᠭᠡᠪᠦᠷᠢ ᠢ᠋ᠢᠨ ᠬᠦᠴᠦᠨ ᠢ᠋ ᠨᠥᠭᠡᠴᠡᠯᠡᠨ᠂ ᠤᠷᠤᠯᠳᠤᠭᠠᠨ ᠤ᠋ ᠲᠠᠯᠠᠪᠤᠷ ᠲᠦ᠍ ᠱᠢᠭᠤᠳ ᠨᠡᠪᠲᠡᠷᠡᠬᠦ᠌ 6 ᠵᠠᠮ ᠱᠤᠭᠤᠮ ᠢ᠋ ᠨᠡᠪᠲᠡᠷᠡᠭᠦᠯᠵᠦ᠍᠂ ᠨᠡᠢᠲᠡ 2986 ᠮᠠᠱᠢᠨ ᠲᠡᠷᠭᠡᠨ ᠤ᠋ ᠠᠶᠠᠯᠠᠯ ᠢ᠋ ᠲᠣᠬᠢᠷᠠᠭᠤᠯᠤᠨ ᠪᠠᠲᠤᠯᠠᠵᠤ᠂ 6.5 ᠲᠦᠮᠡᠨ ᠬᠥᠮᠦᠨ ᠤᠳᠠᠭᠠᠳᠤ ᠦᠶ᠋ᠯᠡᠴᠢᠯᠡᠭᠡ ᠬᠠᠩᠭᠠᠪᠠ ᠃
ᠡᠬᠦᠨ ᠡᠴᠡ ᠭᠠᠳᠠᠨ᠎ᠠ᠂ ᠵᠠᠰᠠᠮᠠᠯ ᠵᠠᠮ ᠢ᠋ ᠲᠣᠭᠣᠷᠢᠨ ᠪᠠᠢᠴᠠᠭᠠᠬᠤ ᠳᠠᠪᠲᠠᠮᠵᠢ ᠤᠳᠠᠭ᠎ᠠ ᠢ᠋ᠢ ᠨᠡᠮᠡᠭ᠌ᠳᠡᠭᠦᠯᠦᠨ᠂ 《ᠨᠢᠭᠡ ᠵᠠᠮ ᠭᠤᠷᠪᠠᠨ ᠲᠠᠯ᠎ᠠ》ᠢ᠋ᠢᠨ ᠪᠠᠴᠢᠮ ᠪᠠᠢᠳᠠᠯ ᠢ᠋ ᠠᠷᠭᠠᠴᠠᠭᠠᠬᠤ ᠲᠣᠭ᠍ᠲᠠᠴᠠ ᠪᠠ 24 ᠴᠠᠭ ᠵᠢᠡᠷ ᠵᠢᠵᠢᠭᠦᠷᠯᠡᠬᠦ᠌ ᠳᠦᠷᠢᠮ ᠢ᠋ ᠴᠢᠩᠭ᠎ᠠ ᠨᠠᠢᠳᠠᠪᠤᠷᠢᠵᠢᠭᠤᠯᠵᠤ᠂ ᠭᠡᠨᠡᠳᠲᠡ ᠢ᠋ᠢᠨ ᠪᠠᠢᠳᠠᠯ ᠢ᠋ ᠠᠷᠭᠠᠴᠠᠭᠠᠬᠤ᠂ ᠥᠨᠳᠥᠷ ᠪᠦᠲᠦᠮᠵᠢᠲᠡᠶ ᠪᠡᠷ ᠱᠢᠶ᠋ᠳᠪᠦᠷᠢᠯᠡᠬᠦ᠌ ᠢ᠋ᠢ ᠦᠨᠡᠨ ᠬᠦ᠌ ᠪᠠᠲᠤᠯᠠᠵᠤ ᠪᠠᠢᠨ᠎ᠠ᠃ ᠪᠠᠰᠠ ᠪᠠᠴᠢᠮ ᠪᠠᠢᠳᠠᠯ ᠢ᠋ ᠠᠷᠭᠠᠴᠠᠭᠠᠬᠤ᠂ ᠳᠣᠲᠣᠭᠠᠳᠤ ᠢ᠋ᠢ ᠬᠠᠮᠠᠭᠠᠯᠠᠬᠤ ᠵᠠᠮ ᠬᠠᠷᠢᠯᠴᠠᠭᠠᠨ ᠤ᠋ ᠬᠠᠮᠢᠶᠠᠷᠤᠯᠲᠠ ᠪᠠ ᠴᠠᠭ ᠠᠭᠤᠷ ᠵᠡᠷᠭᠡ ᠰᠠᠯᠠᠭ᠎ᠠ ᠮᠥᠴᠢᠷᠯᠦᠭᠡ ᠢ᠋ᠢᠨ ᠮᠡᠳᠡᠭᠡ ᠵᠠᠩᠭᠢ ᠢ᠋ᠢ ᠬᠠᠮᠲᠤ ᠪᠠᠷ ᠡᠳ᠋ᠯᠡᠬᠥ ᠢ᠋ᠢ ᠴᠢᠩᠭᠠᠳᠭᠠᠵᠤ᠂ ᠬᠣᠯᠪᠣᠭᠠᠯᠠᠨ ᠵᠢᠵᠢᠭᠦᠷᠯᠡᠵᠦ᠍ ᠬᠣᠯᠪᠣᠭᠠᠯᠠᠨ ᠬᠥᠳᠡᠯᠦᠯᠴᠡᠬᠦ᠌ ᠠᠵᠢᠯ ᠤ᠋ᠨ ᠲᠤᠭᠲᠠᠴᠠ ᠢ᠋ᠢ ᠪᠠᠢᠭᠤᠯᠤᠨ᠂ ᠱᠠᠯᠠᠪᠳᠠᠨ ᠨᠡᠪᠲᠡᠷᠡᠭᠦᠯᠵᠦ᠍ ᠰᠠᠭᠠᠳ ᠥᠬᠡᠶ ᠪᠠᠢᠯᠭᠠᠬᠤ ᠡᠯ᠎ᠡ ᠵᠦᠶ᠋ᠯ ᠤ᠋ᠨ ᠪᠡᠯᠡᠳᠭᠡᠯ ᠠᠵᠢᠯ ᠢ᠋ ᠤᠷᠢᠳᠴᠢᠯᠠᠨ ᠰᠠᠢᠲᠤᠷ ᠬᠢᠵᠦ ᠪᠠᠢᠨ᠎ᠠ ᠃ 2023 ᠣᠨ ᠤ᠋ 12 ᠰᠠᠷ᠎ᠠ ᠡᠴᠡ ᠣᠲᠣᠬᠠᠨ ᠪᠣᠯᠲᠠᠯ᠎ᠠ ᠬᠥᠯᠥᠨ ᠪᠣᠢᠷ ᠬᠣᠲᠠ᠂ ᠤᠯᠠᠭᠠᠨᠬᠠᠳᠠ ᠬᠣᠲᠠ ᠪᠠ ᠤᠯᠠᠭᠠᠨᠴᠠᠪ ᠬᠣᠲᠠ ᠨᠡᠢᠲᠡ 9700 ᠭᠠᠷᠤᠶ ᠬᠥᠮᠦᠨ ᠤᠳᠠᠭ᠎ᠠ᠂ 9022 ᠰᠠᠭᠤᠷᠢ ᠮᠠᠱᠢᠨ ᠬᠦᠳᠡᠯᠭᠡᠵᠤ᠂ 7.9 ᠲᠦᠮᠡᠨ ᠺᠢᠯᠣᠮᠧᠲ᠋ᠷ ᠵᠠᠮ ᠤ᠋ᠨ ᠴᠠᠰᠤ ᠵᠢ ᠴᠡᠪᠡᠷᠯᠡᠨ ᠵᠠᠮ ᠬᠠᠷᠢᠯᠴᠠᠭᠠᠨ ᠤ᠋ ᠰᠠᠭᠠᠳ ᠥᠬᠡᠶ ᠨᠡᠪᠲᠡᠷᠡᠭᠦ ᠢ᠋ᠢ ᠪᠠᠲᠤᠯᠠᠪᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃