ᠰᠣᠶᠣᠯ ᠤᠷᠠᠯᠢᠭ > ᠠᠷᠪᠠᠨ ᠳᠥᠷᠪᠡᠳᠦᠭᠡᠷ ᠬᠤᠭᠤᠴᠠᠭᠠᠨ᠎ᠤ᠋ ᠡᠪᠦᠯ᠎ᠦ᠋ᠨ ᠤᠯᠠᠷᠢᠯ᠎ᠤ᠋ᠨ ᠲᠠᠮᠢᠷ᠎ᠤ᠋ᠨ ᠴᠤᠭᠯᠠᠭᠠᠨ

2024-02-07 10:14:09

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

2 ᠰᠠᠷ᠎ᠠ᠎ᠶ᠋ᠢᠨ 4 ᠎ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠴᠠᠭ ᠠᠭᠤᠷ᠎ᠤᠨ ᠪᠠᠲᠤᠯᠠᠭ᠎ᠠ᠎ᠶ᠋ᠢᠨ ᠭᠡᠯᠳᠡᠰ ᠡᠴᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠳᠠ ᠵᠢᠨ ᠶᠣᠰᠣᠯᠠᠯ ᠪᠠ ᠱᠢᠶ᠋ᠳᠪᠦᠷᠢᠲᠦ ᠤᠷᠤᠯᠳᠤᠭᠠᠨ᠎ᠤ ᠴᠠᠭ ᠠᠭᠤᠷ᠎ᠤᠨ ᠪᠠᠲᠤᠯᠠᠭ᠎ᠠ᠎ᠶ᠋ᠢᠨ ᠦᠶ᠋ᠯᠡᠴᠢᠯᠡᠭᠡᠨ᠎ᠦ ᠲᠤᠰᠭᠠᠶ ᠰᠡᠳᠦᠪᠲᠦ ᠳᠠᠢᠴᠢᠯᠠᠯᠲᠠ ᠪᠠᠢᠷᠢᠯᠠᠭᠤᠯᠤᠯᠲᠠ᠎ᠶ᠋ᠢᠨ ᠬᠤᠷᠠᠯ᠎ᠢ ᠬᠦᠬᠡᠬᠤᠲᠠ᠎ᠳᠦ ᠬᠤᠷᠠᠯᠳᠤᠭᠤᠯᠪᠠ᠃

ᠬᠤᠷᠠᠯ ᠳᠡᠭᠡᠷ᠎ᠡ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠥᠪᠥᠷ ᠮᠣᠩᠭᠣᠯ᠎ᠤᠨ ᠴᠠᠭ ᠠᠭᠤᠷ᠎ᠤᠨ ᠲᠥᠪ᠎ᠦᠨ ᠠᠯᠪᠠᠨ ᠬᠡᠷ᠎ᠡᠴᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠴᠠᠭ ᠠᠭᠤᠷ᠎ᠤᠨ ᠦᠶ᠋ᠯᠡᠴᠢᠯᠡᠭᠡᠨ᠎ᠦ ᠠᠵᠢᠯ᠎ᠤᠨ ᠠᠬᠢᠴᠠ᠎ᠶ᠋ᠢ ᠬᠠᠷᠢᠭᠤ ᠮᠡᠳᠡᠭᠦᠯᠪᠡ᠃

ᠵᠣᠬᠢᠶᠠᠨ ᠪᠠᠢᠭᠤᠯᠤᠯᠳᠠ ᠵᠢᠨ ᠤᠳᠤᠷᠢᠳᠤᠯᠭ᠎ᠠ᠎ᠪᠠᠨ ᠴᠢᠩᠭᠠᠳᠭᠠᠨ᠂ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠴᠠᠭ ᠠᠭᠤᠷ᠎ᠤᠨ ᠪᠠᠲᠤᠯᠠᠭ᠎ᠠ᠎ᠶ᠋ᠢᠨ ᠦᠢᠯᠡᠴᠢᠯᠡᠭᠡ᠎ᠶ᠋ᠢ ᠰᠠᠢᠲᠤᠷ ᠬᠢᠬᠦ᠌᠎ᠶ᠋ᠢᠨ ᠴᠢᠬᠤᠯᠠ ᠴᠢᠨᠠᠷ ᠪᠠ ᠲᠤᠯᠭᠠᠮ ᠴᠢᠨᠠᠷ᠎ᠢ ᠭᠦᠢᠴᠡᠳ ᠲᠠᠨᠢᠬᠤ ᠬᠡᠷᠡᠭ᠌ᠲᠡᠢ; ᠣᠳᠣᠬᠠᠨ᠎ᠳᠤ᠂ ᠴᠠᠭ ᠠᠭᠤᠷ᠎ᠤᠨ ᠪᠠᠲᠤᠯᠠᠭ᠎ᠠ᠎ᠶ᠋ᠢᠨ ᠦᠶ᠋ᠯᠡᠴᠢᠯᠡᠭᠡ᠎ᠶ᠋ᠢ ᠱᠢᠯᠭᠠᠨ ᠪᠠᠢᠴᠠᠭᠠᠬᠤ ᠵᠠᠩᠭᠢᠯᠠᠭ᠎ᠠ᠎ᠶ᠋ᠢᠨ ᠴᠠᠭ ᠮᠥᠴᠡ᠎ᠳᠦ ᠡᠯ᠎ᠡ ᠴᠠᠭ ᠠᠭᠤᠷ᠎ᠤᠨ ᠨᠢᠭᠡᠴᠢ᠎ᠶ᠋ᠢᠨ᠎ᠬᠢᠨ ᠡᠷᠬᠡᠪᠰᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭ᠌ᠰᠢᠯᠡᠭᠦᠯᠦᠨ᠂ ᠴᠠᠭᠠᠨ ᠰᠠᠷ᠎ᠠ᠎ᠠᠴᠠ ᠡᠮᠦᠨᠡᠬᠢ ᠬᠡᠳᠦᠨ ᠡᠳᠦᠷ᠎ᠢ ᠭᠦᠶ᠋ᠴᠡᠳ ᠰᠠᠢᠲᠤᠷ ᠠᠰᠢᠭᠯᠠᠵᠦ ᠂ ᠵᠢᠵᠢᠭᠦᠷᠯᠡᠨ ᠰᠠᠬᠢᠬᠤ ᠠᠵᠢᠯ᠎ᠢ ᠵᠣᠬᠢᠰᠲᠠᠶ ᠲᠣᠬᠢᠷᠠᠭᠤᠯᠵᠤ ᠂ ᠪᠦᠷᠢᠨ ᠪᠡᠯᠡᠳᠭᠡᠯ᠎ᠢ ᠰᠠᠢᠲᠤᠷ ᠬᠢᠵᠦ᠍᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠴᠠᠭ ᠠᠭᠤᠷ᠎ᠤᠨ ᠪᠠᠲᠤᠯᠠᠭ᠎ᠠ᠎ᠶ᠋ᠢᠨ ᠱᠢᠶ᠋ᠳᠪᠦᠷᠢᠲᠦ ᠳᠠᠢᠯᠠᠯᠳᠤᠭᠠᠨ ᠬᠢᠵᠦ᠍ ᠱᠢᠶ᠋ᠳᠪᠦᠷᠢᠲᠦ ᠢᠯᠠᠯᠲᠠ ᠤᠯᠬᠤ᠎ᠳᠤ ᠰᠠᠢᠨ ᠰᠠᠢᠬᠠᠨ ᠰᠠᠭᠤᠷᠢ᠎ᠶ᠋ᠢ ᠲᠠᠯᠪᠢᠬᠤ ᠬᠡᠷᠡᠭ᠌ᠲᠡᠶ ᠭᠡᠵᠦ᠍ ᠴᠢᠨᠭᠭᠠᠳᠬᠠᠪᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面