ᠰᠣᠶᠣᠯ ᠤᠷᠠᠯᠢᠭ > ᠠᠷᠪᠠᠨ ᠳᠥᠷᠪᠡᠳᠦᠭᠡᠷ ᠬᠤᠭᠤᠴᠠᠭᠠᠨ᠎ᠤ᠋ ᠡᠪᠦᠯ᠎ᠦ᠋ᠨ ᠤᠯᠠᠷᠢᠯ᠎ᠤ᠋ᠨ ᠲᠠᠮᠢᠷ᠎ᠤ᠋ᠨ ᠴᠤᠭᠯᠠᠭᠠᠨ

2024-02-07 10:17:01

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

ᠳᠤᠮᠳᠠᠳᠤ᠎ᠶ᠋ᠢᠨ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠵᠠᠯᠭᠠᠮᠵᠢᠯᠠᠵᠤ᠂ ᠴᠠᠰᠤ ᠮᠥᠰᠥ᠍ᠨ᠎ᠤ ᠲᠠᠮᠢᠷ᠎ᠤᠨ ᠬᠥᠳᠡᠯᠭᠡᠭᠡᠨ᠎ᠦ ᠷᠢᠳᠢ ᠱᠢᠳᠢ᠎ᠶ᠋ᠢ ᠮᠡᠳᠡᠷᠡᠭᠦᠯᠬᠦ᠎ᠶᠢᠨ ᠲᠤᠰᠠᠳᠠ᠂ 2 ᠰᠠᠷ᠎ᠠ᠎ᠶ᠋ᠢᠨ 3 ᠎ᠤ᠋ ᠡᠳᠦᠷ ᠂ 《 ᠳᠤᠮᠳᠠᠳᠤ᠎ᠶ᠋ᠢᠨ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭᠠᠨ᠎ᠤ ᠮᠠᠭ᠍ᠲᠠᠭᠠᠯ 》 ᠠᠷᠪᠠᠨ ᠳᠥᠷᠪᠡᠳᠦᠭᠡᠷ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠰᠤᠷᠪᠤᠯᠵᠢᠯᠠᠭ᠍ᠴᠢ᠎ᠶ᠋ᠢᠨ ᠮᠥᠰᠥᠨ ᠳᠡᠪᠦᠷ᠎ᠡ᠎ᠶ᠋ᠢᠨ ᠨᠥᠬᠥᠷᠯᠡᠯ ᠎ᠦᠨ ᠤᠷᠤᠯᠳᠤᠭᠠᠨ ᠬᠥᠯᠥᠨ ᠪᠣᠢᠷ ᠬᠣᠲᠠ᠎ᠶ᠋ᠢᠨ ᠬᠠᠢᠯᠠᠷ ᠲᠣᠭᠣᠷᠢᠭ᠎ᠤᠨ ᠥᠪᠡᠷᠲᠡᠭᠡᠨ ᠵᠠᠰᠠᠬᠤ ᠣᠷᠣᠨ᠎ᠤ ᠮᠥᠰᠥᠨ ᠳᠡᠭᠡᠷᠡᠬᠢ ᠲᠠᠮᠢᠷ᠎ᠤᠨ ᠬᠥᠳᠡᠯᠭᠡᠭᠡᠨ᠎ᠦ ᠪᠣᠯᠪᠠᠰᠤᠷᠠᠯ᠎ᠤᠨ ᠲᠥᠪ᠎ᠲᠦ ᠶᠠᠪᠤᠭ᠍ᠳᠠᠪᠠ᠃

ᠳᠤᠮᠳᠠᠳᠤ ᠤᠯᠤᠰ᠎ᠤᠨ ᠨᠢᠭᠡᠳᠦᠭᠡᠷ ᠪᠦᠯᠦᠭ᠎ᠦᠨ ᠮᠥᠰᠥᠨ ᠳᠡᠪᠦᠷ᠎ᠡ᠎ᠶ᠋ᠢᠨ ᠠᠩᠭᠢ᠎ᠶ᠋ᠢᠨ ᠲᠠᠮᠢᠷᠴᠢᠨ᠂ ᠤᠤᠯ᠎ᠤᠨ ᠤᠯᠤᠰ᠎ᠤᠨ ᠡᠮᠡᠭ᠌ᠲᠡᠶ᠎ᠶ᠋ᠢᠨ ᠮᠥᠰᠥᠨ ᠳᠡᠪᠦᠷ᠎ᠡ᠎ᠶ᠋ᠢᠨ ᠠᠩᠭᠢ᠎ᠶ᠋ᠢᠨ ᠳᠠᠷᠤᠭ᠎ᠠ ᠸᠠᠩ ᠪᠢᠩ ᠢᠦᠶ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠳᠤᠮᠳᠠᠳᠤ ᠤᠯᠤᠰ᠎ᠤᠨ ᠡᠷᠡᠭ᠌ᠲᠡᠶ᠎ᠶ᠋ᠢᠨ ᠮᠥᠰᠥᠨ ᠳᠡᠪᠦᠷ᠎ᠡ᠎ᠶ᠋ᠢᠨ ᠠᠩᠭᠢ᠎ᠶ᠋ᠢᠨ ᠳᠠᠷᠤᠭ᠎ᠠ ᠮᠠ ᠱᠢᠤ ᠪᠣᠯᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢ᠎ᠮᠡᠳᠡᠭᠡᠯᠡᠬᠦ ᠠᠵᠢᠯ᠎ᠳᠦ ᠣᠷᠣᠯᠴᠠᠬᠤ᠎ᠪᠠᠷ ᠪᠠᠢᠭ᠎ᠠ ᠲᠥᠪ᠎ᠦᠨ ᠪᠠ ᠣᠷᠣᠨ ᠨᠤᠲᠤᠭ᠎ᠤᠨ ᠵᠠᠭᠤᠴᠢᠯᠠᠭᠤᠷ᠎ᠤᠨ ᠰᠤᠷᠪᠤᠯᠵᠢᠯᠠᠭ᠍ᠴᠢ᠎ᠨᠠᠷ ᠲᠣᠰ ᠤᠳᠠᠭ᠎ᠠ ᠎ᠶᠢᠨ ᠠᠵᠢᠯᠯᠠᠭ᠎ᠠ᠎ᠳᠤ ᠣᠷᠣᠯᠴᠠᠪᠠ᠃ ᠰᠤᠷᠪᠤᠯᠵᠢᠯᠠᠭ᠍ᠴᠢᠳ ᠲᠠᠮᠢᠷᠴᠢᠳ᠎ᠤᠨ ᠵᠢᠯᠤᠭᠤᠳᠤᠯᠭ᠎ᠠ ᠳᠣᠣᠷ᠎ᠠ 《ᠮᠥᠰᠥᠨ ᠳᠡᠭᠡᠷᠡᠬᠢ ᠤᠯᠠᠨ ᠤᠯᠤᠰ᠎ᠤᠨ ᠱᠢᠳᠠᠷ᠎ᠠ 》 ᠬᠡᠮᠡᠭ᠌ᠳᠡᠭ᠌ᠰᠡᠨ ᠮᠥᠰᠥᠨ ᠳᠡᠪᠦᠷ᠎ᠡ᠎ᠶ᠋ᠢᠨ ᠬᠥᠳᠡᠯᠭᠡᠭᠡᠨ᠎ᠦ ᠬᠠᠪᠤ ᠴᠡᠩᠭᠡᠯ ᠎ᠢ ᠪᠡᠶᠡᠴᠢᠯᠠᠨ ᠤᠢᠯᠠᠭᠠᠪᠠ᠃

ᠲᠤᠰ ᠤᠳᠠᠭ᠎ᠠ ᠎ᠶᠢᠨ ᠨᠥᠬᠥᠷᠯᠡᠯ᠎ᠦᠨ ᠤᠷᠤᠯᠳᠤᠭᠠᠨ᠎ᠤ ᠬᠢᠨᠠᠭ᠍ᠴᠢ ᠸᠠᠩ ᠪᠢᠩ ᠢᠦᠢ ᠄ 《ᠮᠥᠰᠥᠨ ᠳᠡᠪᠦᠷ᠎ᠡ᠎ᠶ᠋ᠢᠨ ᠲᠠᠮᠢᠷ᠎ᠤᠨ ᠬᠥᠳᠡᠯᠭᠡᠭᠡᠨ᠎ᠳᠦ ᠲᠠᠮᠢᠷᠴᠢᠳ ᠬᠠᠷᠢᠯᠴᠠᠨ ᠬᠠᠮᠵᠢᠯᠴᠠᠵᠤ᠂ ᠬᠠᠷᠢᠯᠴᠠᠨ ᠢᠲᠡᠭᠡᠯᠴᠡᠬᠦ᠌ ᠴᠢᠬᠤᠯᠠᠲᠠᠢ᠂ ᠡᠨᠡ ᠨᠢ ᠶᠠᠭ ᠳᠤᠮᠳᠠᠳᠤ᠎ᠶ᠋ᠢᠨ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭ᠎ᠠ᠎ᠶ᠋ᠢ ᠢᠯᠡᠷᠡᠭᠦᠯᠵᠦ᠍ ᠪᠤᠢ 》 ᠭᠡᠵᠦ ᠶᠠᠷᠢᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面