2024-02-07 16:55:46
ᠠᠷᠪᠠᠨ ᠲᠦᠷᠪᠡᠳᠤᠭᠡᠷ ᠬᠤᠭᠤᠴᠠᠭᠠᠨ ᠤ ᠪᠦᠬᠦ ᠤᠯᠤᠰᠤᠨᠡᠪᠤᠯᠤᠨ ᠤᠯᠠᠷᠢᠯ᠎ᠤᠨ ᠳᠠᠮᠢᠷ᠎ᠤᠨ ᠴᠤᠭᠯᠠᠭᠠᠨᠤᠤᠷᠤᠭᠰᠢᠲᠠᠢ ᠶᠠᠪᠤᠭᠳᠠᠬᠤ᠎ᠶᠢ ᠪᠠᠲᠤᠯᠠᠬᠤ᠎ᠶᠢᠨ ᠲᠥᠯᠥᠭᠡ᠂ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ 《ᠪᠣᠬᠢᠷᠲᠤᠯ ᠦᠭᠡᠢ᠂ ᠬᠠᠮᠲᠤ ᠪᠠᠷ ᠡᠳ᠋ᠯᠡᠬᠦ᠂ ᠨᠡᠭᠡᠭᠡᠯᠲᠡᠲᠡᠢ᠂ ᠠᠷᠢᠭᠤᠨ ᠴᠢᠬᠡᠴᠢ》 ᠤᠷᠤᠯᠳᠤᠭᠠᠨ ᠡᠷᠭᠢᠯᠡᠬᠦ ᠣᠢᠯᠠᠭᠠᠭᠳᠠᠬᠤᠨ᠎ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ᠨᠡᠶ᠋ᠢᠲᠡ 8.13 ᠳ᠋ᠦᠩᠰᠢᠭᠤᠷ ᠲᠥᠭᠥᠷᠢᠭ᠎ᠦᠨ ᠪᠡᠯᠡ ᠮᠥᠩᠭᠥ ᠴᠤᠭᠯᠠᠭᠤᠯᠵᠤ᠂ ᠤᠷᠤᠯᠳᠤᠭᠠᠨ᠎ᠤ ᠲᠠᠯᠠᠪᠤᠷ ᠣᠷᠳᠣᠨᠢᠲᠠᠰ ᠳᠡᠪᠰᠢᠭᠦᠯᠦᠨ ᠥᠭᠡᠷᠡᠴᠢᠯᠡᠬᠦ᠂ ᠤᠷᠤᠯᠳᠤᠭᠠᠨ᠎ᠤ ᠲᠠᠯᠠᠪᠤᠷ ᠭᠠᠵᠠᠷ᠎ᠤᠨ ᠪᠠᠭᠠᠵᠢ ᠲᠥᠬᠦᠭᠡᠷᠦᠮᠵᠢ ᠬᠤᠳᠠᠯᠳᠤᠨ ᠠᠪᠬᠤ᠎ᠶᠢ ᠳᠡᠮᠵᠢᠵᠦ᠂ ᠠᠮᠤᠷ ᠲᠦᠪᠰᠢᠨᠦᠬᠠᠮᠠᠭᠠᠯᠠᠯᠲᠠ᠂ ᠣᠷᠴᠢᠨ ᠠᠬᠤᠢ᠎ᠶᠢᠨ ᠵᠠᠰᠠᠯᠲᠠ᠂ ᠴᠠᠭ ᠠᠭᠤᠷ᠎ᠤᠨ ᠦᠢᠯᠡᠴᠢᠯᠡᠭᠡ᠂ ᠡᠮ ᠡᠮᠨᠡᠯᠭᠡ᠎ᠶᠢᠨ ᠪᠠᠲᠤᠯᠠᠭ᠎ᠠ᠂ᠢᠳᠡᠭᠡᠨ ᠪᠠ ᠡᠮ᠎ᠦᠨ ᠵᠦᠢᠯᠡᠰ᠎ᠦᠨ ᠠᠮᠤᠷ ᠲᠦᠪᠰᠢᠨ᠎ᠦ ᠪᠠᠲᠤᠯᠠᠭ᠎ᠠ ᠵᠡᠷᠭᠡ ᠠᠵᠢᠯ ᠥᠷᠨᠢᠭᠦᠯᠬᠦ᠎ᠶᠢ ᠳᠡᠮᠵᠢᠵᠦ᠂《ᠠᠷᠪᠠᠨ ᠲᠦᠷᠪᠡᠳᠤᠭᠡᠷ ᠡᠪᠦᠯ᠎ᠤᠨ ᠴᠤᠭᠯᠠᠭᠠᠨ》᠎ᠤ ᠡᠬᠢᠯᠡᠯᠲᠡ᠎ᠶᠢᠨ ᠶᠣᠰᠣᠯᠠᠯ᠂ ᠲᠡᠭᠦᠰᠬᠦ ᠶᠣᠰᠣᠯᠠᠯ ᠵᠢᠴᠢ ᠭᠠᠯ ᠪᠠᠮᠪᠠᠷ ᠳᠠᠮᠵᠢᠭᠤᠯᠬᠤᠵᠡᠷᠭᠡ ᠠᠵᠢᠯᠯᠠᠭ᠎ᠠ ᠥᠷᠨᠢᠭᠦᠯᠬᠦ᠎ᠶᠢ ᠳᠡᠮᠵᠢᠪᠡ᠃
ᠡᠭᠦᠨ᠎ᠦ ᠬᠠᠮᠲᠤ 《ᠨᠢᠭᠡ ᠳᠠᠩᠰᠠᠨ ᠡᠷᠦᠬᠡ ᠡᠴᠡ ᠵᠠᠷᠤᠬᠤ᠂ ᠨᠢᠭᠡᠰᠠᠯᠠᠭᠠ ᠮᠥᠴᠢᠷ ᠬᠢᠨᠠᠨ ᠵᠥᠪᠰᠢᠶᠡᠷᠡᠬᠦ》 ᠪᠡᠯᠡ ᠮᠥᠩᠭᠥ᠎ᠶᠢᠨ ᠬᠢᠨᠠᠯᠲᠠᠬᠠᠮᠢᠶᠠᠷᠤᠯᠲᠠ᠎ᠶᠢᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮᠡᠴᠡᠡᠯᠡ ᠤᠷᠤᠯᠳᠤᠭᠠᠨ᠎ᠤ ᠲᠣᠭᠣᠷᠢᠭ᠋᠎ᠤᠨ ᠬᠢᠨᠢ ᠪᠠᠢᠭ᠎ᠠ ᠭᠠᠵᠠᠷ᠎ᠤᠨ᠎ᠢᠶᠠᠨ ᠪᠠᠩᠬᠢ᠎ᠳᠤ 《ᠠᠷᠪᠠᠨ ᠲᠦᠷᠪᠡᠳᠤᠭᠡᠷ ᠡᠪᠦᠯ᠎ᠤᠨ ᠴᠤᠭᠯᠠᠭᠠᠨ》ᠤᠤᠷᠤᠯᠳᠤᠭᠠᠨᠤ ᠵᠠᠷᠤᠳᠠᠯ᠎ᠤᠨ ᠲᠤᠰᠬᠠᠢ ᠲᠠᠩᠰᠠᠨ ᠡᠷᠦᠬᠡ ᠭᠠᠷᠭᠠᠬᠤ᠎ᠶᠢ ᠱᠠᠭᠠᠷᠳᠠᠭᠰᠠᠨ ᠪᠥᠭᠡᠳ 《ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷᠤᠨᠴᠤᠭᠯᠠᠭᠠᠨᠤ ᠤᠷᠤᠯᠳᠤᠭᠠᠨ ᠡᠷᠭᠢᠯᠡᠬᠦ ᠪᠡᠯᠡ ᠮᠥᠩᠭᠥ᠎ᠶᠢᠨ ᠬᠠᠮᠢᠶᠠᠷᠤᠯᠲᠠ᠎ᠶᠢᠨ ᠠᠷᠭ᠎ᠠ》 ᠵᠡᠷᠭᠡ ᠵᠢᠷᠤᠮᠵᠢᠯ᠎ᠤᠨ ᠴᠢᠨᠠᠷᠲᠠᠢ ᠪᠢᠴᠢᠭ ᠮᠠᠲᠧᠷᠢᠶᠠᠯ᠎ᠳᠤ ᠵᠠᠰᠠᠪᠤᠷᠢ ᠣᠷᠣᠭᠤᠯᠤᠨᠲᠡᠭᠦᠯᠳᠡᠷᠵᠢᠭᠦᠯᠵᠦ᠂ ᠲᠥᠰᠥᠪ᠎ᠢ ᠨᠠᠢᠷᠠᠭᠤᠯᠤᠨ ᠬᠢᠨᠠᠬᠤ᠂ ᠲᠥᠰᠥᠪ᠎ᠢ ᠭᠦᠢᠴᠡᠳᠬᠡᠬᠦ᠂ ᠡᠳ᠋᠎ᠦᠨ ᠶᠠᠪᠤᠳᠠᠯᠤᠨᠲᠠᠩᠰᠠ ᠮᠡᠳᠡᠭᠦᠯᠬᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠢᠴᠢ ᠪᠥᠬᠥ ᠶᠠᠪᠤᠴᠠ᠎ᠳᠤ ᠬᠢᠨᠠᠯᠲᠠ ᠲᠠᠯᠪᠢᠬᠤᠵᠡᠷᠭᠡ ᠲᠠᠯ᠎ᠠ᠎ᠪᠠᠷ ᠳᠦᠷᠢᠮ᠎ᠦᠨ ᠲᠤᠯᠭᠠᠭᠤᠷᠢᠯᠠᠯ ᠬᠠᠩᠭᠠᠭᠰᠠᠨ ᠪᠠᠢᠨ᠎ᠠ᠃ ᠳᠤᠷᠠᠳᠤᠭᠤᠰᠢᠲᠠᠢ ᠵᠦᠢᠯ ᠭᠡᠪᠡᠯ᠂ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠪᠠᠰᠠ ᠡᠯ᠎ᠡ ᠤᠷᠤᠯᠳᠤᠭᠠᠨ᠎ᠤ ᠲᠣᠭᠣᠷᠢᠭ᠋ᠢᠵᠢᠯᠣᠭᠣᠳᠤᠨ ᠪᠡᠯᠡ ᠮᠥᠩᠭᠥ᠎ᠶᠢ ᠳᠣᠲᠣᠭᠠᠳᠤ᠎ᠳᠠᠭᠠᠨ ᠡᠵᠡᠮᠳᠡᠬᠦ ᠳᠦᠷᠢᠮ᠎ᠦᠨ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ᠲᠤᠰᠬᠠᠢ ᠵᠣᠭᠣᠰ᠎ᠢ ᠲᠤᠰᠬᠠᠢ ᠵᠦᠢᠯ᠎ᠳᠦ ᠬᠡᠷᠡᠭᠯᠡᠬᠦ᠎ᠶᠢ ᠦᠨᠡᠨ ᠬᠦ᠌ ᠪᠠᠲᠤᠯᠠᠪᠠ᠃
《ᠠᠷᠪᠠᠨ ᠲᠦᠷᠪᠡᠳᠤᠭᠡᠷ ᠡᠪᠦᠯ᠎ᠤᠨ ᠴᠤᠭᠯᠠᠭᠠᠨ》 ᠡᠬᠢᠯᠡᠬᠦᠦᠢᠷᠠᠳᠤᠬᠰᠠᠨᠳᠦ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠲᠤᠬᠠᠢᠯᠠᠭᠰᠠᠨ ᠠᠵᠢᠯᠳᠠᠭᠠᠨᠰᠠᠭᠤᠷᠢᠯᠠᠵᠤ 《ᠠᠷᠪᠠᠨ ᠲᠦᠷᠪᠡᠳᠤᠭᠡᠷ ᠡᠪᠦᠯ᠎ᠤᠨ ᠴᠤᠭᠯᠠᠭᠠᠨ》᠎ᠢ ᠠᠮᠵᠢᠯᠲᠠ᠎ᠲᠠᠢ ᠡᠷᠬᠢᠯᠡᠬᠦ᠎ᠳᠦ ᠡᠳ᠋᠎ᠦᠨ ᠵᠠᠰᠠᠭ᠎ᠤᠨ ᠢᠳᠡᠪᠬᠢ ᠬᠦᠴᠦᠨ᠎ᠢ ᠦᠷᠭᠦᠯᠵᠢᠯᠡᠨᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠦᠵᠡᠰᠬᠦᠯᠡᠩᠲᠦ ᠰᠠᠢᠬᠠᠨ ᠳᠦᠷᠢ ᠲᠥᠷᠬᠦ᠎ᠶᠢ ᠬᠠᠷᠠᠭᠤᠯᠬᠤᠳᠦᠬᠦᠴᠦᠨ ᠨᠡᠮᠡᠷᠢᠯᠡᠭᠰᠡᠬᠡᠷ ᠪᠠᠢᠨ᠎ᠠ᠃
ᠢᠷᠡᠯᠳᠡ᠄ ᠳᠠᠯ᠎ᠠ ᠨᠤᠳᠤᠭᠪᠦᠷᠢᠨ ᠵᠠᠭᠤᠴᠢᠯᠠᠭᠤᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃