2024-02-08 10:30:23
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ ᠤᠳᠠᠯ ᠦᠭᠡᠢ ᠬᠦᠷᠴᠦ ᠢᠷᠡᠬᠦ ᠵᠢ ᠲᠠᠭᠠᠯᠳᠤᠨ᠂ ᠤᠯᠠᠭᠠᠨᠴᠠᠪ᠎ᠤᠨ ᠯᠢᠶᠠᠩᠴᠧᠩ᠎ᠤᠨ ᠴᠡᠨᠡᠯᠡᠯᠲᠡ᠎ᠶᠢᠨ ᠲᠠᠯᠠᠪᠠᠶ᠎ᠶ᠋ᠢᠨ ᠡᠯ᠎ᠡ ᠵᠦᠶ᠋ᠯ᠎ᠦᠨ ᠪᠡᠯᠡᠳᠭᠡᠯ ᠠᠵᠢᠯ ᠡᠮᠬᠢ ᠵᠢᠷᠤᠮ ᠲᠠᠢ ᠡᠷᠴᠢᠮᠳᠡᠢ ᠶᠠᠪᠤᠭᠳᠠᠨ᠎ᠠ᠃
ᠯᠢᠶᠠᠩᠴᠧᠩ᠎ᠤᠨ ᠴᠡᠨᠡᠯᠡᠯᠲᠡ᠎ᠶᠢᠨ ᠲᠠᠯᠠᠪᠠᠶ ᠨᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠬᠤᠪᠢᠶᠠᠷᠢ ᠤᠷᠤᠯᠳᠤᠭᠠᠨ᠎ᠤ ᠲᠤᠭᠤᠷᠢᠭ᠎ᠤᠨ ᠨᠢᠭᠡ ᠪᠣᠯᠤᠭ᠍ᠰᠠᠨ᠎ᠤ ᠬᠤᠪᠢ᠎ᠳᠤ᠂ ᠳᠠᠨᠭ᠌ ᠴᠠᠨᠠᠳᠤ ᠴᠠᠨᠠᠯᠠᠯᠳᠠ᠂ ᠴᠢᠯᠥᠭᠡᠲᠦ ᠮᠠᠶᠢᠭ᠎ᠤᠨ ᠴᠡᠨᠡᠯᠡᠯᠲᠡ᠂ ᠬᠡᠭᠡᠷᠡᠯᠡᠨ ᠴᠡᠨᠡᠯᠡᠯᠲᠡ ᠵᠢᠴᠢ ᠡᠪᠦᠯ᠎ᠦᠨ ᠤᠯᠠᠷᠢᠯ᠎ᠤᠨ ᠬᠣᠶᠠᠷ ᠲᠥᠷᠥᠯ ᠵᠦᠶ᠋ᠯ᠎ᠤᠨ ᠤᠷᠤᠯᠳᠤᠭᠠᠨ᠎ᠵᠡᠷᠭᠡ 4 ᠲᠥᠷᠥᠯ ᠵᠦᠶ᠋ᠯ᠎ᠦᠨ ᠤᠷᠤᠯᠳᠤᠭᠠᠨ᠎ᠤ ᠶᠠᠪᠤᠳᠠᠯ᠎ᠢ ᠡᠭᠦᠷᠭᠡᠯᠡᠵᠦ᠂ ᠵᠢᠱ᠌ᠢᠯᠲᠡ ᠪᠡᠷ 38 ᠠᠯᠲᠠᠨ ᠮᠧᠳᠠᠯ ᠰᠢᠯᠭᠠᠷᠠᠭᠤᠯᠤᠨ᠎ᠠ᠃ ᠣᠳᠣᠬᠠᠨ᠎ᠳᠤ᠂ ᠤᠷᠤᠯᠳᠤᠭᠠᠨ᠎ᠤ ᠵᠠᠮ᠎ᠢ ᠨᠢᠭᠡᠨᠲᠡ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠪᠠᠷᠢᠮᠵᠢᠶ᠎ᠠ ᠶᠣᠰᠣᠭᠠᠷ ᠪᠥᠬᠥ᠌ ᠲᠠᠯ᠎ᠠ᠎ᠪᠠᠷ ᠲᠠᠰ ᠳᠡᠪᠱᠢᠭᠦᠯᠦᠨ ᠥᠭᠡᠷᠡᠴᠢᠯᠡᠪᠡ᠃
ᠡᠪᠦᠯ᠎ᠤᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢ ᠠᠮᠵᠢᠯᠲᠠ᠎ᠲᠠᠶ ᠡᠷᠭᠢᠯᠡᠬᠦ ᠳ᠋ᠤ ᠪᠠᠰᠠ ᠢᠳᠡᠭᠡᠨ ᠪᠠ ᠡᠮ᠎ᠦᠨ ᠵᠦᠶ᠋ᠯ᠎ᠦᠨ ᠠᠮᠤᠷ ᠲᠦᠪᠱᠢᠨ᠂ ᠠᠮᠤᠷ᠎ᠢ ᠬᠠᠮᠠᠭᠠᠯᠠᠬᠤ᠂ ᠡᠮᠴᠢᠯᠡᠭᠡᠨ᠎ᠦ ᠪᠠᠲᠤᠯᠠᠭ᠎ᠠ ᠵᠡᠷᠭᠡ ᠲᠠᠯ᠎ᠠ᠎ᠶ᠋ᠢᠨ ᠬᠠᠮᠵᠢᠯᠴᠠᠭ᠎ᠠ᠎ᠠᠴᠠ ᠰᠠᠯᠵᠤ ᠴᠢᠳᠠᠬᠤ ᠥᠬᠡᠶ ᠶᠤᠮ᠃ ᠲᠠᠮᠢᠷᠴᠢᠳ᠎ᠤᠨ ᠢᠳᠡᠭᠡᠨ ᠤᠮᠳᠠᠭᠠᠨ ᠪᠠ ᠬᠤᠪᠢ ᠪᠡᠶ᠎ᠡ᠎ᠶ᠋ᠢᠨ ᠠᠮᠤᠷ ᠲᠦᠪᠱᠢᠨ᠎ᠢ ᠪᠠᠳᠤᠯᠠᠬᠤ᠎ᠶᠢᠨ ᠲᠦᠯᠦᠭᠡ᠂ ᠤᠯᠠᠭᠠᠨᠴᠠᠪ ᠬᠣᠲᠠ ᠲᠣᠭ᠍ᠲᠠᠭ᠍ᠰᠠᠨ ᠭᠥᠯᠢᠶᠡᠨ ᠠᠪᠬᠤ ᠪᠠᠭᠤᠳᠠᠯ᠎ᠳᠤ ᠭᠤᠤᠯᠳᠠᠯᠭ᠎ᠠ᠎ᠲᠠᠶ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢᠨ ᠦᠨᠡᠯᠡᠯᠲᠡ ᠬᠢᠭ᠌ᠰᠡᠨ ᠪᠥᠭᠡᠳ ᠬᠣᠯᠪᠣᠭ᠍ᠳᠠᠯ ᠪᠥᠬᠥᠶ ᠪᠣᠯᠪᠠᠰᠤᠷᠠᠯ ᠪᠠ ᠪᠠᠴᠢᠮ ᠪᠠᠢᠳᠠᠯ᠎ᠢ ᠠᠷᠭᠠᠴᠠᠭᠠᠬᠤ ᠰᠣᠷᠢᠯᠲᠠ ᠬᠢᠵᠡᠶ᠃ ᠲᠠᠮᠢᠷᠴᠢᠳ᠎ᠤᠨ ᠪᠡᠶ᠎ᠡ᠎ᠶ᠋ᠢᠨ ᠠᠮᠤᠷ ᠲᠦᠪᠱᠢᠨ᠎ᠢ ᠪᠠᠲᠤᠯᠠᠬᠤ᠎ᠶ᠋ᠢᠨ ᠲᠥᠯᠥᠭᠡ᠂ ᠤᠯᠠᠭᠠᠨᠴᠠᠪ ᠬᠣᠲᠠ 176 ᠡᠮᠴᠢ ᠰᠤᠪᠢᠯᠠᠭ᠍ᠴᠢ᠂ 15 ᠲᠦᠷᠭᠡᠨ ᠠᠪᠤᠷᠠᠯᠳᠠ᠎ᠶ᠋ᠢᠨ ᠲᠡᠷᠭᠡ ᠵᠡᠷᠭᠡ ᠡᠮᠴᠢᠯᠡᠭᠡᠨ᠎ᠦ ᠪᠠᠲᠤᠯᠠᠭ᠎ᠠ ᠪᠠ ᠠᠪᠤᠷᠠᠨ ᠵᠠᠰᠠᠬᠤ ᠪᠠᠴᠢᠮ ᠪᠠᠢᠳᠠᠯ᠎ᠢ ᠠᠷᠭᠠᠴᠠᠭᠠᠬᠤ ᠳᠤᠭᠤᠢᠯᠠᠩ᠎ᠢ ᠵᠣᠬᠢᠶᠠᠨ ᠪᠠᠢᠭᠤᠯᠵᠤ᠂ ᠤᠯᠠᠭᠠᠨᠴᠠᠪ ᠬᠣᠲᠠ᠎ᠶ᠋ᠢᠨ ᠲᠥᠪ ᠡᠮᠨᠡᠯᠭᠡ᠎ᠶ᠋ᠢᠨ ᠬᠣᠷᠢᠶ᠎ᠠ᠂ ᠤᠯᠠᠭᠠᠨᠴᠠᠪ ᠬᠣᠲᠠ᠎ᠶ᠋ᠢᠨ ᠬᠢᠲᠠᠳ ᠮᠣᠩᠭᠣᠯ ᠡᠮᠨᠡᠯᠭᠡ᠎ᠶ᠋ᠢᠨ ᠬᠣᠷᠢᠶ᠎ᠠ ᠵᠡᠷᠭᠡ ᠡᠮᠨᠡᠯᠭᠡ᠎ᠶ᠋ᠢᠨ ᠬᠣᠷᠢᠶ᠎ᠠ᠎ᠶ᠋ᠢ ᠤᠷᠤᠯᠳᠤᠭᠠᠨ᠎ᠤ ᠲᠣᠭ᠍ᠲᠠᠭ᠍ᠰᠠᠨ ᠴᠢᠭᠦᠨ ᠡᠮᠴᠢᠯᠡᠭᠡᠨ᠎ᠦ ᠠᠪᠤᠷᠠᠨ ᠵᠠᠰᠠᠬᠤ ᠡᠮᠨᠡᠯᠭᠡ᠎ᠶ᠋ᠢᠨ ᠬᠣᠷᠢᠶ᠎ᠠ ᠪᠡᠷ ᠲᠣᠭ᠍ᠲᠠᠭᠠᠬᠤ᠎ᠶ᠋ᠢᠨ ᠬᠠᠮᠲᠤ᠂ ᠪᠡᠭᠡᠵᠢᠩ᠎ᠦᠨ ᠵᠢᠶ ᠱᠦᠶ ᠲᠠᠨ ᠡᠮᠨᠡᠯᠭᠡ᠎ᠶ᠋ᠢᠨ ᠬᠣᠷᠢᠶ᠎ᠠ᠂ ᠪᠡᠭᠡᠵᠢᠩ᠎ᠦᠨ ᠠᠨ ᠵᠧᠨ ᠡᠮᠨᠡᠯᠭᠡ᠎ᠶ᠋ᠢᠨ ᠬᠣᠷᠢᠶ᠎ᠠ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠣᠷᠢᠶ᠎ᠠ ᠲᠠᠶ ᠠᠯᠤᠰ᠎ᠠᠴᠠ ᠬᠠᠮᠲᠤᠷᠠᠨ ᠣᠨᠣᠱᠢᠯᠠᠬᠤ᠂ ᠪᠠᠴᠢᠮ ᠲᠦᠭ᠌ᠰᠢᠭᠦᠷᠢᠲᠡᠶ ᠬᠦᠨᠳᠦ ᠡᠪᠡᠳᠴᠢᠲᠡᠨ᠎ᠢ ᠲᠦᠷᠭᠡᠨ ᠠᠪᠤᠷᠬᠠᠸ᠋ ᠰᠠᠭᠠᠳ ᠥᠬᠡᠶ ᠨᠡᠪᠲᠡᠷᠡᠬᠦ᠌ ᠵᠠᠮ ᠭᠠᠷᠭᠠᠬᠤ᠎ᠪᠠᠷ ᠲᠣᠭ᠍ᠲᠠᠪᠠ᠃ ᠡᠭᠦᠨ᠎ᠦ ᠬᠠᠮᠲᠤ᠂ ᠲᠣᠭ᠍ᠲᠠᠭ᠍ᠰᠠᠨ ᠪᠠᠭᠤᠳᠠᠯ᠎ᠳᠤ ᠡᠮᠴᠢᠯᠡᠭᠡᠨ᠎ᠦ ᠪᠠᠲᠤᠯᠠᠭ᠎ᠠ᠎ᠶ᠋ᠢᠨ ᠴᠢᠭ ᠭᠠᠷᠭᠠᠵᠤ᠂ ᠤᠷᠤᠯᠳᠤᠭᠠᠨ᠎ᠤ ᠲᠠᠯᠠᠪᠤᠷ᠎ᠲᠤ ᠲᠠᠮᠢᠷᠴᠢᠳ᠎ᠤᠨ ᠲᠦᠷᠭᠡᠨ ᠠᠪᠤᠷᠠᠯᠳᠠ᠎ᠶ᠋ᠢᠨ ᠥᠷᠲᠡᠭᠡ ᠵᠢᠴᠢ ᠦᠵᠡᠭ᠌ᠴᠢᠳᠪᠠ ᠠᠵᠢᠯᠲᠠᠨ᠎ᠤ ᠲᠦᠷᠭᠡᠨ ᠠᠪᠤᠷᠠᠯᠳᠠ᠎ᠶ᠋ᠢᠨ ᠥᠷᠲᠡᠭᠡ ᠵᠢ ᠪᠠᠢᠭᠤᠯᠪᠠ᠃
ᠣᠳᠣᠬᠠᠨ᠎ᠳᠤ᠂ ᠯᠢᠶᠠᠩᠴᠧᠩ᠎ᠤᠨ ᠴᠡᠨᠡᠯᠡᠯᠲᠡ᠎ᠶᠢᠨ ᠲᠠᠯᠠᠪᠠᠶ᠎ᠶ᠋ᠢᠨ ᠡᠯ᠎ᠡ ᠵᠦᠶ᠋ᠯ᠎ᠦᠨ ᠦᠶ᠋ᠯᠡᠴᠢᠯᠡᠭᠡ ᠪᠠᠲᠤᠯᠠᠭ᠎ᠠ᠎ᠶ᠋ᠢᠨ ᠠᠵᠢᠯ ᠪᠦᠬᠦ ᠬᠦᠴᠦᠨ ᠵᠢᠡᠷ ᠱᠢᠪᠲᠤᠯᠤᠯᠲᠠ ᠬᠢᠬᠦ᠌ ᠵᠠᠩᠭᠢᠯᠠᠭ᠎ᠠ᠎ᠶ᠋ᠢᠨ ᠱᠠᠲᠤᠨ᠎ᠳᠤ ᠣᠷᠣᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃