2024-02-09 09:53:59
ᠤᠢᠷ᠎ᠠ ᠵᠢᠨ ᠡᠳᠦᠷ᠂ ᠤᠯᠤᠰ᠎ᠤᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠲᠣᠪᠴᠢᠶ᠎ᠠ 《ᠣᠨᠴᠠᠭᠠᠶ ᠢᠯᠡᠷᠭᠡᠢᠯᠠᠯᠳᠤ ᠲᠡᠮᠳᠡᠭ᠎ᠦᠨ ᠬᠠᠮᠢᠶᠠᠷᠤᠯᠲᠠ᠎ᠶ᠋ᠢᠨ ᠲᠦᠷᠢᠮ》᠎ᠢ᠋ ᠦᠨᠳᠦᠰᠦᠯᠡᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠬᠥᠯᠥᠨ ᠪᠣᠢᠷ᠎ᠤᠨ ᠭᠦᠶ᠋ᠴᠡᠳᠭᠡᠬᠦ᠌ ᠵᠥᠪᠯᠡᠯ᠎ᠦᠨ ᠠᠯᠪᠠᠨ ᠬᠡᠷ᠎ᠡᠴᠡ ᠲᠤᠱᠢᠶᠠᠭ᠍ᠰᠠᠨ 《ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ》 ᠵᠡᠷᠭᠡ 8 ᠣᠨᠴᠠᠭᠠᠶ ᠢᠯᠡᠷᠭᠡᠢᠯᠠᠯᠳᠤ ᠲᠡᠮᠳᠡᠭ᠎ᠢ ᠳᠠᠩᠰᠠᠯᠠᠭᠤᠯᠬᠤ ᠭᠤᠶᠤᠴᠢᠯᠠᠯ᠎ᠢ ᠬᠢᠨᠠᠨ ᠵᠥᠪᠱᠢᠶᠡᠷᠡᠪᠡ᠃
ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠬᠠᠮᠠᠭᠠᠯᠠᠯᠲᠠ᠎ᠨᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠪᠡᠯᠡᠳᠭᠡᠯ ᠠᠵᠢᠯ᠎ᠤᠨ ᠨᠢᠭᠡᠨ ᠴᠢᠬᠤᠯᠠ ᠠᠭᠤᠯᠭ᠎ᠠ ᠪᠣᠯᠤᠭ᠍ᠰᠠᠨ᠎ᠤ ᠬᠤᠪᠢ᠎ᠳᠤ᠂ ᠤᠷᠤᠯᠳᠤᠭᠠᠨ᠎ᠢ ᠠᠮᠵᠢᠯᠲᠠ ᠲᠠᠶ ᠡᠷᠭᠢᠯᠡᠬᠦ᠌᠎ᠳᠦ ᠴᠢᠬᠤᠯᠠ ᠦᠢᠯᠡᠳᠦᠯ ᠦᠵᠡᠭᠦᠯᠵᠦ᠍ ᠪᠠᠢᠳᠠᠭ᠃ ᠥᠪᠡᠷᠲᠡᠭᠡᠨ ᠵᠠᠰᠠᠬᠤ ᠣᠷᠣᠨ᠎ᠤ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠬᠠᠮᠠᠭᠠᠯᠠᠯᠲᠠ᠎ᠶ᠋ᠢᠨ ᠲᠥᠪ᠎ᠨᠢ ᠴᠧᠩᠳᠦ᠋ ᠶ᠋ᠢᠨ ᠤᠶᠤᠲᠠᠳ᠎ᠤᠨ ᠲᠠᠮᠢᠷ᠎ᠤᠨ ᠴᠤᠭ᠍ᠯᠠᠭᠠᠨ᠂ ᠬᠠᠩᠵᠧᠦ᠍᠎ᠶ᠋ᠢᠨ ᠠᠽᠢᠶ᠎ᠠ ᠲᠢᠪ᠎ᠦᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠤ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠬᠠᠮᠠᠭᠠᠯᠠᠯᠲᠠ᠎ᠶ᠋ᠢᠨ ᠲᠤᠷᠱᠢᠯᠭ᠎ᠠ ᠪᠠᠷ ᠲᠣᠯᠢ ᠪᠣᠯᠭᠠᠵᠤ᠂ ᠲᠣᠰ ᠪᠡᠶ᠎ᠡ᠎ᠶ᠋ᠢᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠪᠡᠯᠡᠳᠭᠡᠯ ᠺᠣᠮᠢᠰ᠎ᠤᠨ ᠠᠯᠪᠠᠨ ᠬᠡᠷ᠎ᠲᠡᠶ ᠰᠠᠨᠠᠭᠠᠴᠢᠯᠠᠭ᠎ᠠ᠎ᠠᠴᠠ᠎ᠪᠠᠨ ᠵᠣᠯᠭᠠᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠪᠡᠯᠡᠳᠭᠡᠯ ᠺᠣᠮᠢᠰ᠎ᠤᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠬᠠᠮᠠᠭᠠᠯᠠᠯᠲᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠪᠠᠢᠴᠠᠭᠠᠨ ᠰᠤᠳᠤᠯᠵᠦ᠂ ᠲᠤᠰᠭᠠᠶ ᠮᠡᠷᠭᠡᠵᠢᠯ᠎ᠦᠨ ᠴᠢᠨᠠᠷᠲᠠᠶ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠶᠠᠪᠤᠳᠠᠯ᠎ᠤᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠬᠠᠮᠠᠭᠠᠯᠠᠯᠲᠠ᠎ᠶ᠋ᠢᠨ ᠦᠶ᠋ᠯᠡᠴᠢᠯᠡᠭᠡ ᠬᠠᠩᠭᠠᠵᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠨᠡᠷᠡᠢᠳᠦᠯ᠂ ᠴᠤᠭᠯᠠᠭᠠᠨ᠎ᠤ ᠰᠦᠯᠳᠡ᠂ ᠥᠯᠵᠡᠢᠲᠦ ᠠᠮᠢᠲᠠᠨ᠂ ᠤᠷᠢᠶ᠎ᠠ ᠵᠡᠷᠭᠡ᠎ᠶ᠋ᠢ ᠣᠨᠴᠠᠭᠠᠶ ᠢᠯᠡᠷᠭᠡᠢᠯᠠᠯᠳᠤ ᠲᠡᠮᠳᠡᠭ᠎ᠢᠶᠡᠷ ᠳᠠᠩᠰᠠᠯᠠᠭᠤᠯᠵᠤ᠂ ᠤᠯᠤᠰ᠎ᠤᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠲᠣᠪᠴᠢᠶ᠎ᠠ᠎ᠶ᠋ᠢᠨ 565 ᠳ᠋ᠤᠭᠠᠷ ᠲᠣᠭᠠᠲᠤ ᠠᠯᠪᠠᠨ ᠵᠠᠷᠯᠠᠯ᠎ᠤᠨ ᠬᠠᠮᠠᠭᠠᠯᠠᠯᠲᠠ᠎ᠶ᠋ᠢ ᠬᠦᠷᠳᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃