2024-02-12 17:26:43
ᠣᠢᠷ᠎ᠠ᠎ᠳᠤ᠂ 《ᠤᠮᠠᠷᠠᠲᠤ ᠬᠢᠯᠢ ᠵᠢᠨ ᠦᠯᠡᠮᠵᠢ ᠬᠠᠢᠷ᠎ᠡ ᠪᠠᠶᠠᠯᠢᠭ ᠰᠠᠢᠬᠠᠨ ᠠᠵᠤ ᠠᠮᠢᠳᠤᠷᠠᠯ》ᠨᠠᠶ᠋ᠮᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠮᠥᠰᠥ᠍ ᠴᠠᠰᠤᠨ᠎ᠤ ᠲᠠᠮᠢᠷ᠎ᠤᠨ ᠴᠤᠭᠯᠠᠭᠠᠨ᠎ᠤ ᠪᠤᠭᠤᠲᠤ ᠦᠷᠲᠡᠭᠡ ᠵᠢᠨ ᠠᠵᠢᠯᠯᠠᠭ᠎ᠠ ᠰᠠᠢᠬᠠᠨᠲᠠᠯ᠎ᠠ᠎ᠶ᠋ᠢᠨ ᠮᠥᠰᠥ᠍ ᠴᠠᠰᠤᠨ᠎ᠤ ᠴᠡᠩᠭᠡᠯ᠎ᠦᠨ ᠬᠦᠷᠢᠶᠡᠯᠡᠩ᠎ᠳᠦ ᠡᠬᠢᠯᠡᠪᠡ᠂ ᠴᠤᠭᠯᠠᠭᠠᠨ ᠨᠢ《ᠡᠪᠦᠯ᠎ᠦᠨ ᠤᠯᠠᠷᠢᠯ᠎ᠤᠨ ᠡᠷᠡᠭᠦᠯᠵᠢᠯ ᠪᠡᠶ᠎ᠡ ᠴᠢᠭᠢᠷᠠᠭ᠍ᠵᠢᠭᠤᠯᠬᠤ ᠠᠵᠢᠯᠯᠠᠭ᠎ᠠ ᠥᠷᠨᠢᠭᠦᠯᠵᠤ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠳᠡᠮᠵᠢᠶ᠎ᠡ》᠎ᠪᠡᠷ ᠭᠣᠣᠯ ᠰᠡᠳᠦᠪ ᠪᠣᠯᠭᠠᠵᠤ᠂ ᠪᠤᠭᠤᠲᠤ ᠬᠣᠲᠠ᠎ᠡᠴᠡ ᠢᠷᠡᠭ᠌ᠰᠡᠨ 10 ᠬᠣᠱᠢᠭᠤ ᠱᠢᠶᠠᠨ ᠲᠣᠭᠣᠷᠢᠭ᠂ ᠪᠤᠭᠤᠲᠤ ᠬᠣᠲᠠ᠎ᠶ᠋ᠢᠨ ᠨᠡᠢᠭᠡᠮ᠎ᠦᠨ ᠠᠰᠠᠷᠠᠮᠵᠢ᠎ᠶ᠋ᠢᠨ ᠬᠦᠷᠢᠶᠡᠯᠡᠩ᠂ ᠪᠤᠭᠤᠲᠤ ᠬᠣᠲᠠ᠎ᠶ᠋ᠢᠨ ᠣᠨᠴᠠ ᠰᠤᠷᠭᠠᠨ ᠬᠥᠮᠦᠵᠢᠯ᠎ᠦᠨ ᠰᠤᠷᠭᠠᠭᠤᠯᠢ᠎ᠶ᠋ᠢᠨ 400 ᠱᠢᠬᠠᠮ ᠵᠡᠮᠳᠡᠭ᠌ᠴᠦᠳ᠂ ᠵᠡᠮᠳᠡᠭ᠌ᠴᠦᠳ᠎ᠤᠨ ᠲᠥᠷᠥᠯ ᠰᠠᠳᠤᠨ ᠨᠠᠢᠵᠠ ᠨᠥᠬᠥᠳ ᠪᠠ ᠰᠠᠢᠨ ᠳᠤᠷᠠᠴᠤᠳ᠎ᠢᠶᠠᠷ ᠪᠦᠷᠢᠯᠳᠦᠭ᠌ᠰᠡᠨ 8 ᠠᠩᠬᠢ ᠪᠠᠢᠵᠤ᠂ ᠤᠷᠤᠯᠳᠤᠭᠠᠨ᠎ᠢᠶᠠᠷ ᠮᠥᠰᠥ᠍ ᠴᠠᠰᠤᠨ᠎ᠤ ᠬᠦᠳᠡᠯᠭᠡᠭᠡᠨ᠎ᠤ ᠤᠷᠮ᠎ᠠ᠎ᠶ᠋ᠢ ᠬᠥᠭ᠌ᠵᠢᠭᠡᠵᠦ᠂ ᠮᠥᠰᠥ᠍ ᠴᠠᠰᠤᠨ᠎ᠤ ᠬᠥᠳᠡᠯᠭᠡᠭᠡᠨ᠎ᠦ ᠪᠠᠶᠠᠷ ᠪᠠᠬᠠᠳᠤᠯ᠎ᠢ ᠬᠠᠮᠲᠤ᠎ᠪᠠᠷ ᠮᠡᠳᠡᠷᠡᠵᠦ᠂ ᠤᠳᠠᠯ ᠦᠭᠡᠢ ᠬᠤᠷᠠᠯᠳᠤᠬᠤ ᠭᠡᠵᠦ᠍ ᠪᠠᠢᠭ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠥᠷᠨᠢᠯᠲᠡ᠎ᠳᠦ ᠬᠦᠴᠦᠨ ᠨᠡᠮᠡᠷᠢᠯᠡᠵᠠᠢ᠃
ᠡᠬᠢᠯᠡᠯᠲᠡ᠎ᠶ᠋ᠢᠨ ᠶᠣᠰᠣᠯᠠᠯ ᠳᠡᠭᠡᠷ᠎ᠡ᠂ ᠪᠤᠭᠤᠲᠤ ᠬᠣᠲᠠ᠎ᠶ᠋ᠢᠨ ᠨᠡᠢᠭᠡᠮ᠎ᠦᠨ ᠠᠰᠠᠷᠠᠮᠵᠢ᠎ᠶ᠋ᠢᠨ ᠬᠦᠷᠢᠶᠡᠯᠡᠩ ᠪᠣᠯᠤᠨ ᠪᠤᠭᠤᠲᠤ ᠬᠣᠲᠠ᠎ᠶ᠋ᠢᠨ ᠣᠨᠴᠠᠭᠠᠶ ᠰᠤᠷᠭᠠᠨ ᠬᠥᠮᠦᠵᠢᠯ᠎ᠦᠨ ᠰᠤᠷᠭᠠᠭᠤᠯᠢ᠎ᠶ᠋ᠢᠨ ᠬᠡᠦᠬᠡᠳ᠎ᠦᠳ ᠨᠠᠷᠢᠨ ᠨᠢᠮᠪᠠᠶ ᠪᠡᠯᠡᠳᠭᠡᠭ᠌ᠰᠡᠨ ᠪᠥᠵᠢᠭ᠎ᠤᠨ ᠲᠤᠭᠯᠠᠯᠲᠠ ᠪᠠᠨ ᠰᠤᠨᠢᠷᠬᠠᠭᠤᠯᠪᠠ᠃ ᠪᠡᠭᠡᠵᠢᠩ᠎ᠦᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠥᠪᠥᠷ ᠮᠣᠩᠭᠣᠯ᠎ᠤᠨ ᠴᠤᠷ᠎ᠤᠨ ᠭᠠᠭ᠍ᠴᠠ ᠳᠠᠨᠭ᠌ ᠬᠠᠪᠲᠠᠰᠤᠲᠤ ᠴᠠᠨᠠᠯᠠᠯᠲᠠ᠎ᠵᠢᠨ ᠲᠠᠮᠢᠷᠴᠢᠨ ᠱᠢᠤᠢ ᠱᠢᠶᠠᠩ ᠹᠠ᠄ 《ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠮᠥᠰᠥ᠍ ᠴᠠᠰᠤᠨ᠎ᠤ ᠬᠦᠳᠡᠯᠭᠡᠭᠡᠨ᠎ᠤ ᠭᠡᠷᠡᠯ ᠭᠢᠯᠪᠠᠭ᠎ᠠ᠎ᠶ᠋ᠢ ᠰᠠᠴᠤᠷᠠᠭᠤᠯᠵᠤ᠂ ᠡᠷᠡᠯᠬᠡᠭ᠌ᠯᠡᠨ ᠲᠡᠮᠡᠴᠡᠬᠦ ᠪᠡᠷ ᠤᠷᠤᠯᠳᠤᠭᠠᠨ᠎ᠤ ᠲᠠᠯᠠᠪᠠᠢ᠎ᠶ᠋ᠢᠨ ᠰᠢᠯᠢᠳᠡᠭ ᠬᠢᠷᠢ ᠪᠦᠲᠦᠮᠵᠢ᠎ᠶ᠋ᠢ ᠡᠭᠦᠳᠴᠦ᠍᠂ ᠤᠯᠠᠨ᠎ᠢᠶᠠᠷ᠎ᠢᠶᠠᠨ ᠡᠨᠡ ᠬᠦ᠌ ᠦᠵᠡᠰᠭᠦᠯᠡᠩᠲᠦ ᠰᠠᠢᠬᠠᠨ ᠮᠥᠰᠥ᠍ ᠴᠠᠰᠤᠨ᠎ᠤ ᠵᠢᠭᠤᠯᠴᠢᠯᠠᠯ᠎ᠤᠨ ᠪᠠᠶᠠᠷ ᠪᠠᠬᠠᠲᠤᠯᠢ ᠬᠠᠨᠲᠠᠯ᠎ᠠ ᠡᠳ᠋ᠯᠡᠵᠦ᠍᠂ ᠤᠷᠤᠯᠳᠤᠭᠠᠨ᠎ᠤ ᠲᠠᠯᠠᠪᠠᠢ᠎ᠳᠤ ᠥᠪᠡᠷ᠎ᠢ᠎ᠪᠡᠨ ᠳᠠᠪᠠᠵᠤ᠂ ᠮᠥᠰᠥ᠍ ᠴᠠᠰᠤᠨ᠎ᠤ ᠳᠤᠮᠳᠠ ᠴᠤᠭ ᠵᠢᠪᠬᠤᠭ᠎ᠠ᠎ᠪᠠᠨ ᠢᠯᠡᠷᠡᠭᠦᠯᠵᠦ᠍᠂ ᠪᠢᠳᠠ ᠬᠠᠮᠲᠤ᠎ᠪᠠᠷ ᠡᠪᠦᠯ᠎ᠦᠨ ᠤᠯᠠᠷᠢᠯ᠎ᠤᠨ ᠲᠠᠮᠢᠷ᠎ᠤᠨ ᠬᠥᠳᠡᠯᠭᠡᠭᠡᠨ᠎ᠦ ᠬᠠᠯᠠᠭᠤᠨ ᠥᠷᠨᠢᠯᠲᠡ᠎ᠶ᠋ᠢ ᠬᠥᠭ᠌ᠵᠢᠭᠡᠵᠦ᠍᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠪᠠᠶᠠᠷ ᠪᠠᠶᠠᠰᠤᠯ᠎ᠢ ᠡᠳ᠋ᠯᠡᠵᠡᠭᠡᠶ᠎ᠡ》 ᠭᠡᠵᠦ ᠰᠠᠨᠠᠭᠠᠴᠢᠯᠠᠪᠠ᠃
ᠮᠥᠰᠥ᠍ ᠴᠠᠰᠤᠨ᠎ᠤ ᠰᠣᠨᠢᠷᠬᠠᠯᠲᠤ ᠲᠠᠮᠢᠷ᠎ᠤᠨ ᠴᠤᠭ᠍ᠯᠠᠭᠠᠨ ᠳᠡᠭᠡᠷ᠎ᠡ᠂ 8 ᠤᠷᠤᠯᠳᠤᠭᠠᠨ᠎ᠳᠤ ᠣᠷᠣᠯᠴᠠᠭᠰᠠᠨ ᠠᠨᠭᠭᠢ᠎ᠵᠢᠨ ᠬᠢᠨ ᠬᠠᠨᠴᠤᠢ ᠰᠢᠮᠠᠯᠠᠨ ᠬᠤᠷᠮᠤᠢ ᠰᠢᠭᠤᠵᠤ᠂ ᠪᠦᠯᠬᠦᠮᠳᠡᠨ ᠬᠠᠮᠵᠢᠯᠴᠠᠵᠤ᠂ ᠠᠭᠠᠯᠵᠢ᠎ᠶ᠋ᠢᠨ ᠭᠤᠯᠭᠤᠯᠲᠠ᠂ ᠴᠠᠰᠤᠨ ᠵᠠᠮ᠎ᠤᠨ ᠭᠤᠯᠭᠤᠯᠲᠠ᠎ᠶ᠋ᠢᠨ ᠬᠥᠭ᠌ᠵᠢᠮ᠂ ᠮᠥᠰᠥᠨ ᠳᠡᠭᠡᠷ᠎ᠡ ᠭᠤᠯᠭᠤᠭᠤᠷ ᠴᠢᠯᠠᠭᠤᠨ ᠪᠦᠮᠪᠦᠭᠡ ᠬᠠᠶᠠᠬᠤ ᠵᠡᠷᠭᠡ 3 ᠵᠦᠢᠯ᠎ᠦᠨ ᠤᠷᠤᠯᠳᠤᠭᠠᠨ᠎ᠢ ᠬᠠᠮᠲᠤ᠎ᠪᠠᠷ ᠪᠡᠶᠡᠯᠡᠭᠦᠯᠪᠡ᠃ ᠲᠠᠮᠢᠷ᠎ᠤᠨ ᠴᠤᠭᠯᠠᠭᠠᠨ᠎ᠤ ᠲᠤᠬᠠᠢ᠎ᠶ᠋ᠢᠨ ᠲᠠᠯᠠᠪᠤᠷ᠎ᠲᠤ ᠵᠡᠮᠳᠡᠭ ᠪᠠ ᠡᠷᠡᠭᠦᠯ ᠬᠦᠮᠦᠨ ᠠᠭᠤᠰᠤᠯᠴᠠᠭᠰᠠᠨ ᠬᠠᠯᠠᠭᠤᠨ ᠳᠤᠯᠠᠭᠠᠨ ᠠᠭᠤᠷ ᠠᠮᠢᠰᠬᠤᠯ ᠪᠢᠯᠬᠠᠵᠤ᠂ ᠬᠠᠯᠠᠭᠤᠨ ᠰᠡᠳᠭᠢᠯᠭᠡᠤᠷᠭᠢᠯᠤᠭᠰᠠᠨ ᠬᠦᠭᠵᠢᠶᠡᠨᠳᠦ ᠤᠷᠤᠯᠳᠤᠭᠠᠨ ᠪᠣᠯᠤᠭᠰᠠᠨ ᠪᠠᠢᠨ᠎ᠠ᠃
ᠲᠣᠰ ᠤᠳᠠᠭᠠᠨ᠎ᠤ ᠠᠵᠢᠯᠯᠠᠭ᠎ᠠ ᠨᠢ ᠪᠠᠰᠠ ᠴᠠᠰᠤᠨ ᠳᠡᠭᠡᠷᠡᠬᠢ ᠨᠢᠰᠳᠡᠭ ᠲᠠᠪᠠᠭ(ᠴᠠᠰᠤᠨ ᠴᠠᠭᠠᠷᠢᠭ )᠂ ᠴᠠᠰᠤᠨ ᠳᠡᠭᠡᠷᠡᠬᠢ ᠮᠦᠷᠭᠦᠯᠳᠦᠭᠡ ᠪᠥᠮᠪᠥᠭᠡ᠂ ᠴᠠᠰᠤᠨ ᠳᠡᠭᠡᠷᠡᠬᠢ ᠯᠤᠸ᠋ᠲᠤ ᠣᠩᠭᠣᠴᠠ᠂ ᠮᠥᠰᠥᠨ ᠳᠡᠭᠡᠷᠡᠬᠢ ᠳᠤᠭᠤᠶ ᠲᠡᠷᠭᠡ ᠵᠡᠷᠭᠡ 10 ᠭᠠᠷᠤᠶ ᠵᠦᠶ᠋ᠯ᠎ᠦᠨ ᠮᠥᠰᠥ᠍ ᠴᠠᠰᠤᠨ᠎ᠤ ᠬᠦᠳᠡᠯᠭᠡᠭᠡᠨ᠎ᠢ ᠪᠡᠶᠡᠴᠢᠯᠡᠨ ᠣᠢᠯᠠᠭᠠᠬᠤ ᠲᠥᠷᠥᠯ ᠵᠦᠶ᠋ᠯ᠎ᠢ ᠪᠠᠢᠭᠤᠯᠪᠠ᠃ ᠵᠡᠮᠳᠡᠭ ᠮᠥᠰᠥ᠍ ᠴᠠᠰᠤᠨ᠎ᠤ ᠬᠦᠳᠡᠯᠭᠡᠭᠡᠨ᠎ᠤ ᠪᠠᠬᠠᠲᠠᠳ ᠥᠪᠡᠷ᠎ᠦᠨ ᠨᠥᠬᠥᠴᠡᠯ᠎ᠢᠶᠡᠨ ᠦᠨᠳᠦᠰᠦᠯᠡᠨ ᠪᠡᠶ᠎ᠡ᠎ᠳᠡᠭᠡᠨ ᠳᠣᠭᠢᠷᠬᠠᠰᠠᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠲᠥᠷᠥᠯ ᠵᠦᠶ᠋ᠯ᠎ᠢ ᠰᠣᠩᠭᠣᠵᠤ ᠪᠣᠯᠤᠨ᠎ᠠ᠃ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠲᠥᠷᠥᠯ ᠵᠦᠶ᠋ᠯ᠎ᠡᠴᠡ ᠭᠠᠳᠠᠨ᠎ᠠ᠂ ᠰᠠᠢᠬᠠᠨᠲᠠᠯ᠎ᠠ ᠮᠥᠰᠥ᠍ ᠴᠠᠰᠤᠨ᠎ᠤ ᠴᠡᠩᠭᠡᠯ᠎ᠦᠨ ᠬᠦᠷᠢᠶᠡᠯᠡᠩ ᠪᠠᠰᠠ ᠠᠵᠢᠯᠯᠠᠭ᠎ᠠ᠎ᠳᠤ ᠣᠷᠣᠯᠴᠠᠭ᠍ᠰᠠᠳ᠎ᠲᠤ ᠮᠥᠰᠥ᠍ ᠴᠠᠰᠤᠨ᠎ᠤ ᠯᠤᠸ᠋ᠲᠤ ᠣᠷᠳᠣᠨ ᠪᠠ ᠦᠨᠭᠭᠡᠲᠦ ᠳ᠋ᠧᠩ᠎ᠦᠨ ᠲᠣᠭᠣᠷᠢᠭ᠎ᠢ ᠦᠨ᠎ᠡ ᠲᠥᠯᠥᠪᠦᠷᠢ ᠥᠬᠡᠶ᠎ᠪᠡᠷ ᠨᠡᠭᠡᠭᠡᠵᠦ ᠥᠭᠪᠡ᠃
《ᠡᠨᠡ ᠤᠳᠠᠭᠠᠨ᠎ᠤ ᠠᠵᠢᠯᠯᠠᠭ᠎ᠠ᠎ᠳᠤ ᠠᠰᠠᠷᠠᠮᠵᠢ᠎ᠶ᠋ᠢᠨ ᠬᠦᠷᠢᠶᠡᠯᠡᠩ᠎ᠦᠨ 20 ᠭᠠᠷᠤᠶ ᠬᠡᠦᠬᠡᠳ᠎ᠢ ᠤᠷᠢᠵᠤ ᠣᠷᠣᠯᠴᠠᠭᠤᠯᠤᠭ᠍ᠰᠠᠨ ᠨᠢ ᠮᠠᠰᠢ ᠤᠳᠭ᠎ᠠ ᠠᠭᠤᠯᠭ᠎ᠠ᠎ᠲᠠᠶ ᠶᠤᠮ᠃ ᠬᠡᠦᠬᠡᠳ᠎ᠦᠳ ᠬᠠᠷᠠᠭ᠎ᠠ᠎ᠪᠠᠨ ᠥᠷᠭᠡᠳᠭᠡᠵᠦ᠍᠂ ᠮᠠᠰᠢ ᠪᠠᠶᠠᠷᠲᠠᠢ ᠨᠠᠭᠠᠳᠤᠭᠰᠠᠨ ᠪᠠᠢᠨ᠎ᠠ》 ᠭᠡᠵᠦ ᠪᠤᠭᠤᠲᠤ ᠬᠣᠲᠠ᠎ᠶ᠋ᠢᠨ ᠵᠡᠮᠳᠡᠭ᠌ᠴᠦᠳ᠎ᠦᠨ ᠲᠤᠰᠠᠯᠠᠬᠤ ᠪᠠᠭᠠᠵᠢ ᠬᠡᠷᠡᠭ᠌ᠰᠡᠯ ᠪᠠ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠥᠪ᠎ᠦᠨ ᠲᠤᠰᠭᠠᠶ ᠮᠡᠷᠭᠡᠵᠢᠯ᠎ᠦᠨ ᠠᠵᠢᠯᠲᠠᠨ ᠯᠢᠦ ᠱᠢᠩ ᠾᠧ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃