2024-02-13 18:26:42
ᠠᠮᠠᠷᠠᠯᠲᠠ ᠲᠠᠯᠪᠢᠭ᠍ᠰᠠᠨ ᠰᠤᠷᠤᠭ᠍ᠴᠢᠳ ᠢᠷᠡᠯ᠎ᠠ᠂ ᠡᠷᠭᠢᠨ ᠲᠤᠭᠤᠷᠢᠨ ᠤ᠋ ᠰᠠᠭᠤᠭᠠᠯᠢ ᠠᠷᠠᠳ ᠢᠷᠡᠯ᠎ᠠ᠂ ᠡᠯ᠎ᠠ ᠭᠠᠵᠠᠷ ᠤ᠋ᠨ ᠵᠢᠭᠤᠯᠴᠢᠯᠠᠭᠰᠠᠳ ᠴᠤ᠌ ᠢᠷᠡᠯ᠎ᠠ ᠁ ᠡᠪᠦᠯ᠎ᠦᠨ ᠬᠠᠬᠢᠷ ᠬᠦᠢᠳᠡᠨ᠎ᠳᠦ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠵᠢᠷᠦᠬᠡᠨ ᠪᠠᠯᠭᠠᠰᠤᠨ᠎ᠤ ᠬᠣᠩ ᠱᠢᠨ ᠲᠣᠰᠭᠣᠨ ᠮᠥᠰᠥ᠍ ᠴᠠᠰᠤᠨ᠎ᠳᠤ 《ᠪᠢᠳᠡᠭᠦᠮᠵᠢᠯᠡᠭᠳᠡᠭᠰᠡᠨ ᠦᠭᠡᠢ》᠂ ᠬᠠᠷᠢᠨ ᠡᠨᠡ ᠬᠦ᠌ 800 ᠭᠠᠷᠤᠢ ᠬᠥᠮᠦᠨ ᠠᠮᠠ᠎ᠲᠠᠶ ᠵᠢᠵᠢᠭ ᠲᠣᠰᠭᠣᠨ ᠨᠢ ᠮᠥᠰᠥ᠍ ᠴᠠᠰᠤᠨ ᠡᠴᠡ ᠠᠮᠢᠵᠢᠷᠠᠯ ᠤ᠋ᠨ ᠬᠦᠴᠦᠨ ᠤᠯᠵᠤ᠂ ᠡᠪᠦᠯ ᠤᠷᠤᠭ᠍ᠰᠠᠨ᠎ᠡᠴᠡ ᠨᠠᠭᠠᠰᠢ ᠪᠦᠬᠦ᠌ ᠤᠯᠤᠰ᠎ᠤᠨ ᠡᠯ᠎ᠡ ᠭᠠᠵᠠᠷ ᠤ᠋ᠨ10 ᠲᠦᠮᠡᠨ ᠮᠥᠰᠥ᠍ ᠴᠠᠰᠤᠨ᠎ᠤ ᠬᠥᠳᠡᠯᠭᠡᠭᠡᠨ ᠤ᠋ ᠪᠠᠬᠠᠳᠠᠳ ᠬᠣᠩ ᠱᠢᠨ ᠲᠣᠰᠭᠣᠨ᠎ᠤ ᠴᠠᠨᠠᠯᠠᠯᠳᠠ ᠵᠢᠨ ᠲᠠᠯᠠᠪᠤᠷ ᠲᠤ᠌ ᠢᠷᠡᠵᠥ᠍᠂ ᠮᠥᠰᠥ᠍ ᠴᠠᠰᠤᠨ᠎ᠤ ᠬᠠᠪᠤ ᠴᠡᠩᠭᠡᠯ᠎ᠢ ᠡᠳ᠋ᠯᠡᠪᠡ᠃
《ᠡᠨᠡ ᠵᠢᠯ ᠴᠠᠨᠠᠯᠠᠯᠳᠠ ᠵᠢᠨ ᠲᠠᠯᠠᠪᠤᠷ ᠲᠤ᠌ ᠢᠷᠡᠭ᠌ᠰᠡᠨ ᠬᠥᠮᠦᠨ ᠮᠠᠰᠢ ᠣᠯᠠᠨ᠂ ᠡᠯ᠎ᠡ ᠭᠠᠵᠠᠷ᠎ᠤᠨ ᠭᠠᠷᠮᠠᠭᠠᠢ ᠭᠠᠷᠤᠳᠲᠠᠶ ᠮᠡᠷᠭᠡᠵᠢᠯ᠎ᠢᠶᠡᠨ ᠰᠣᠯᠢᠯᠴᠠᠵᠤ ᠪᠣᠯᠤᠨ᠎ᠠ᠂ ᠮᠠᠰᠢ ᠪᠠᠶᠠᠷᠳᠠᠢ ᠪᠠᠢᠨ᠎ᠠ》᠃ ᠠᠮᠠᠷᠠᠯᠳᠠ ᠲᠠᠯᠪᠢᠵᠤ ᠬᠡᠷ᠎ᠲᠡᠬᠡᠨ ᠬᠠᠷᠢᠭ᠍ᠰᠠᠨ ᠣᠶᠤᠲᠠᠨ ᠸᠠᠩ ᠵᠢᠶᠠ ᠴᠧᠩ᠂ ᠡᠨᠡ ᠬᠡᠳᠦᠨ ᠵᠢᠯ ᠨᠤᠲᠤᠭ᠎ᠤᠨ ᠬᠤᠪᠢᠷᠠᠯᠲᠠ ᠮᠠᠰᠢ ᠶᠡᠬᠡ᠂ ᠢᠯᠠᠩᠭᠤᠶ᠎ᠠ ᠬᠣᠩ ᠱᠢᠨ ᠲᠣᠰᠭᠣᠨ᠎ᠤ ᠡᠨᠡ ᠬᠦ᠌ ᠴᠠᠨᠠᠯᠠᠯᠳᠠ ᠵᠢᠨ ᠲᠠᠯᠠᠪᠤᠷ ᠬᠡᠷ᠎ᠦᠨ ᠡᠭᠦᠳᠡᠨ᠎ᠳᠦ ᠪᠠᠢᠨ᠎ᠠ ᠭᠡᠵᠤ ᠭᠡᠵᠦ᠍ ᠪᠠᠶᠠᠷᠯᠠᠨ ᠬᠡᠯᠡᠨ᠎ᠡ᠃
《2018 ᠣᠨ᠎ᠳᠤ ᠲᠣᠰᠭᠣᠨ᠎ᠳᠤ ᠴᠠᠨᠠᠯᠠᠯᠳᠠ ᠵᠢᠨ ᠲᠠᠯᠠᠪᠤᠷ ᠪᠠᠢᠭᠤᠯᠵᠤ᠂ ᠲᠣᠰᠭᠣᠨ᠎ᠡᠴᠡ ᠵᠢᠯ ᠪᠦᠷᠢ 3 ᠲᠦᠮᠡᠨ ᠲᠥᠭᠥᠷᠢᠭ᠎ᠦᠨ ᠠᠱᠢᠭ ᠣᠷᠣᠯᠭ᠎ᠠ ᠬᠤᠪᠢᠶᠠᠵᠤ᠂ ᠪᠠᠰᠠ 30 ᠭᠠᠷᠤᠢ ᠲᠣᠰᠭᠣᠨ᠎ᠤ ᠠᠷᠠᠳ ᠲᠤ᠌ ᠠᠵᠢᠯ ᠣᠯᠭᠣᠵᠤ᠂ ᠲᠣᠰᠭᠣᠨ᠎ᠤ ᠲᠠᠷᠢᠶᠠᠯᠠᠩ᠎ᠤᠨ ᠲᠤᠰᠠᠯᠠᠬᠤ ᠪᠦᠲᠦᠭᠡᠭ᠌ᠳᠡᠬᠦᠨ ᠴᠦ᠍ ᠪᠣᠷᠣᠯᠠᠭᠤᠯᠬᠤ ᠵᠠᠮ ᠵᠢᠡᠨ ᠣᠯᠵᠤ᠂ ᠵᠢᠯ ᠪᠦᠷᠢ᠎ᠶ᠋ᠢᠨ ᠪᠣᠷᠣᠯᠠᠭᠤᠯᠭ᠎ᠠ᠎ᠶ᠋ᠢᠨ ᠬᠡᠮᠵᠢᠶ᠎ᠠ 10 ᠲᠦᠮᠡ ᠱᠢᠬᠠᠮ ᠲᠥᠭᠥᠷᠢᠭ᠎ᠲᠦ ᠬᠦᠷᠴᠠᠢ》ᠭᠡᠵᠤ ᠬᠣᠩ ᠱᠢᠨ ᠲᠣᠰᠭᠣᠨ᠎ᠤ ᠨᠠᠮ᠎ᠤᠨ ᠡᠭᠦᠷ᠎ᠦᠨ ᠱᠦᠵᠢ ᠯᠢ ᠶᠢᠩ ᠬᠤᠢ ᠰᠤᠷᠪᠤᠯᠵᠢᠯᠠᠭ᠍ᠴᠢ᠎ᠳᠤ ᠬᠡᠯᠡᠨ᠎ᠠ᠃
ᠨᠤᠲᠤᠭ᠎ᠤᠨ ᠬᠥᠮᠦᠨ ᠪᠣᠯᠤᠭ᠍ᠰᠠᠨ᠎ᠤ ᠬᠤᠪᠢ᠎ᠳᠤ ᠯᠢ ᠶᠢᠩ ᠬᠤᠢ ᠮᠥᠰᠥ᠍ ᠴᠠᠰᠤᠨ᠎ᠤ ᠠᠵᠤ ᠠᠬᠤᠢ᠎ᠶ᠋ᠢᠨ ᠬᠣᠩ ᠱᠢᠨ ᠲᠣᠰᠭᠣᠨ᠎ᠳᠤ ᠠᠪᠴᠢᠷᠠᠭ᠍ᠰᠠᠨ ᠬᠤᠪᠢᠷᠠᠯᠲᠠ᠎ᠶ᠋ᠢ ᠭᠡᠷᠡᠴᠢᠯᠡᠪᠡ᠃ ᠥᠩᠭᠡᠷᠡᠭ᠌ᠰᠡᠨ᠎ᠳᠦ ᠲᠣᠰᠭᠣᠨ᠎ᠤ ᠴᠠᠨᠠᠯᠠᠯᠳᠠ ᠵᠢᠨ ᠲᠠᠯᠠᠪᠤᠷ ᠪᠣᠯ 110 ᠮᠦ᠍ᠲᠠᠯᠠᠪᠠᠢ ᠲᠠᠢ ᠠᠭ᠍ᠯᠠᠭ ᠠᠭᠤᠯᠠ ᠪᠠᠢᠵᠤ᠂ ᠲᠣᠰᠭᠣᠨ ᠡᠴᠡ ᠠᠵᠤ ᠠᠬᠤᠢ᠎ᠶ᠋ᠢᠨ ᠤᠢ ᠲᠠᠷᠢᠬᠤ᠎ᠪᠠᠷ ᠲᠤᠷᠱᠢᠵᠠᠢ᠂ ᠭᠡᠪᠡᠴᠦ᠍ ᠠᠱᠢᠭ ᠣᠷᠣᠯᠭ᠎ᠠ ᠨᠢ ᠬᠠᠮᠢᠶᠠᠷᠴᠤ᠌ ᠬᠠᠮᠠᠭᠠᠯᠠᠬᠤ ᠵᠠᠷᠤᠳᠠᠯ ᠳ᠋ᠤ ᠴᠤ᠌ ᠬᠦᠷᠬᠦ ᠦᠭᠡᠢ ᠪᠤᠯᠬᠤᠷ ᠲᠣᠰᠭᠣᠨ᠎ᠤ ᠬᠢᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠲᠦᠷᠦᠯ ᠵᠦᠢᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠴᠠᠨᠠᠯᠠᠯᠳᠠ ᠵᠢᠨ ᠲᠠᠯᠠᠪᠤᠷ ᠢ᠋ ᠤᠯᠠᠨ ᠲᠦᠮᠡᠨ ᠳ᠋ᠤ ᠬᠠᠨᠳᠤᠭᠤᠯᠤᠨ ᠪᠠᠢᠭᠤᠯᠵᠠᠢ᠃
《ᠡᠨᠡ ᠬᠣᠶᠠᠷ ᠵᠢᠯ᠎ᠳᠦ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠣᠯᠤᠨ〈ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ〉 ᠤ᠋ 〈ᠤᠷᠢᠬᠠᠨ ᠰᠠᠯᠬᠢ〉 ᠡᠨᠡ ᠬᠦ᠌ ᠵᠢᠵᠢᠭ ᠠᠭᠤᠯᠠᠨ ᠲᠣᠰᠭᠣᠨ ᠢ᠋ ᠢᠯᠪᠢᠵᠤ᠂ ᠪᠢᠳᠡ ᠪᠠᠰᠠ ᠡᠪᠦᠯ᠎ᠦᠨ ᠤᠯᠠᠷᠢᠯ᠎ᠤᠨ ᠬᠢᠮᠳᠠ ᠦᠨ᠎ᠡ᠎ᠶ᠋ᠢᠨ ᠪᠢᠯᠧᠲ ᠵᠡᠷᠭᠡ ᠠᠵᠢᠯᠯᠠᠭ᠎ᠠ᠎ᠶ᠋ᠢ ᠴᠠᠭᠲᠤᠨᠢ ᠥᠷᠨᠢᠭᠦᠯᠵᠦ᠍᠂ ᠣᠯᠠᠨ ᠲᠦᠮᠡᠨ ᠢ᠋ ᠴᠠᠰᠤᠨ ᠳ᠋ᠤ ᠴᠠᠨᠠᠯᠠᠬᠤ ᠬᠦᠳᠡᠯᠭᠡᠭᠡᠨ ᠲᠠᠢ ᠤᠢᠷᠠᠳᠤᠭᠤᠯᠵᠤ᠂ ᠮᠠᠰᠢ ᠣᠯᠠᠨ ᠪᠠᠬ᠎ᠠ᠎ᠳᠤᠨᠢ ᠬᠥᠮᠦᠵᠢᠭᠦᠯᠦᠭᠰᠡᠨ ᠶᠤᠮ᠃ ᠮᠥᠰᠥ᠍ ᠴᠠᠰᠤᠨ᠎ᠤ ᠠᠵᠤ ᠦᠶ᠋ᠯᠡᠰ᠎ᠦᠨ ᠬᠥᠭ᠌ᠵᠢᠯᠲᠡ᠎ᠳᠦ ᠢᠲᠡᠭᠡᠯ ᠲᠡᠭᠦᠯᠳᠡᠷ ᠪᠠᠢᠵᠤ᠂ ᠴᠠᠨᠠᠯᠠᠯᠳᠠ ᠵᠢᠨ ᠲᠠᠯᠠᠪᠤᠷ ᠢ᠋ ᠡᠵᠡᠩᠨᠡᠭᠰᠡᠨ ᠡᠴᠡ ᠣᠲᠣ ᠪᠣᠯᠲᠠᠯ᠎ᠠ ᠬᠡᠳᠦᠬᠡᠨ ᠵᠢᠯ ᠤ᠋ᠨ ᠬᠤᠭᠤᠷᠤᠨᠳᠤ ᠠᠩᠬ᠎ᠠ ᠡᠬᠢᠯᠡᠬᠦ᠌᠎ᠳᠡᠭᠡᠨ ᠵᠢᠭᠤᠯᠴᠢᠯᠠᠭᠰᠠᠳ 5000 ᠬᠥᠮᠦᠨ ᠤᠳᠠᠭ᠎ᠠ᠎ᠳᠤ ᠴᠤ᠌ ᠬᠥᠷᠬᠥ᠌ ᠥᠬᠡᠶ ᠪᠠᠢᠭ᠍ᠰᠠᠨ᠎ᠡᠴᠡ᠎ᠪᠠᠨ ᠣᠲᠣ ᠪᠣᠯᠬᠤ᠎ᠳᠦ ᠵᠢᠯ ᠪᠦᠷᠢ᠎ᠶ᠋ᠢᠨ ᠡᠪᠦᠯ᠎ᠦᠨ ᠤᠯᠠᠷᠢᠯ᠎ᠳᠤ 10 ᠲᠦᠮᠡ ᠭᠠᠷᠤᠶ ᠬᠥᠮᠦᠨ ᠤᠳᠠᠭ᠎ᠠ᠎ᠶ᠋ᠢ ᠭᠥᠯᠢᠶᠡᠨ ᠠᠪᠴᠤ᠌᠂ ᠴᠠᠰᠤᠨ ᠲᠠᠯᠠᠪᠤᠷ ᠴᠤ᠌ 1 ᠲᠦᠮᠡᠨ ᠲᠡᠭ᠌ᠰᠢ ᠳᠥᠷᠪᠡᠯᠵᠢᠨ ᠮᠧᠲ᠋ᠷ ᠪᠠᠢᠭ᠍ᠰᠠᠨ᠎ᠡᠴᠡ᠎ᠪᠠᠨ 3.8 ᠲᠦᠮᠡᠨ ᠲᠡᠭ᠌ᠰᠢ ᠳᠥᠷᠪᠡᠯᠵᠢᠨ ᠮᠧᠲ᠋ᠷ ᠪᠣᠯᠵᠣ᠂ ᠬᠤᠪᠢᠷᠠᠯᠲᠠᠢᠯᠡᠷᠬᠡᠢ ᠪᠠᠢᠨ᠎ᠠ 》ᠭᠡᠵᠦ ᠴᠠᠨᠠᠯᠠᠯᠳᠠ ᠵᠢᠨ ᠲᠠᠯᠠᠪᠤᠷ ᠤ᠋ᠨ ᠳᠠᠭᠠᠭᠠᠮᠠᠯ ᠸᠠᠩ ᠴᠢᠶᠠᠩ ᠭᠡᠯᠡᠨ᠎ᠡ᠃
《ᠦᠵᠡᠭᠡᠴᠢ᠂ ᠲᠡᠷᠡ ᠪᠣᠯ ᠳᠠᠷᠤᠶ ᠮᠠᠨ ᠤ ᠲᠣᠰᠭᠣᠨ᠎ᠤ ᠰᠦᠯᠵᠢᠶ᠎ᠠ ᠪᠡᠷ ᠨᠡᠷ᠎ᠠ ᠭᠠᠷᠤᠭᠰᠠᠨ ᠬᠣᠭᠣᠯᠠᠨ ᠭᠡᠷ ᠮᠥᠨ》᠃ ᠴᠡᠨᠡᠯᠡᠯᠲᠡ᠎ᠶ᠋ᠢᠨ ᠲᠠᠯᠠᠪᠤᠷ ᠲᠤ᠌ ᠠᠵᠢᠯᠯᠠᠵᠤ ᠪᠠᠢᠭ᠎ᠠ ᠲᠣᠰᠭᠣᠨ᠎ᠤ ᠠᠷᠠᠳ ᠬᠤᠸᠠᠩ ᠮᠢᠩ ᠶᠠᠩ ᠴᠣᠩᠬᠣ ᠪᠡᠷ《ᠴᠦ ᠵᠢᠶᠠ ᠳ᠋ᠠ ᠶᠤᠸᠠᠨ》ᠭᠡᠬᠦ ᠬᠤᠭᠤᠯᠠᠨ ᠭᠡᠷ ᠢ᠋ ᠵᠢᠭᠠᠵᠤ᠂ ᠵᠢᠭᠤᠯᠴᠢᠯᠠᠭᠰᠠᠳ ᠠᠭᠤᠯᠠᠨ ᠳᠡᠭᠡᠷ᠎ᠡ ᠴᠠᠰᠤᠨ᠎ᠳᠤ ᠴᠠᠨᠠᠯᠠᠵᠤ ᠪᠠᠷᠠᠭ᠍ᠰᠠᠨ᠎ᠤ ᠳᠠᠷᠠᠭ᠎ᠠ ᠭᠠᠬᠠᠶ᠎ᠶ᠋ᠢᠨ ᠮᠢᠬ᠎ᠠ ᠲᠠᠢ ᠵᠠᠭᠤᠰᠢ᠂ ᠲᠡᠮᠦᠷ ᠲᠣᠭᠣᠭᠠᠨ᠎ᠳᠤ ᠴᠢᠨᠠᠭ᠍ᠰᠠᠨ ᠭᠠᠯᠠᠭᠤᠨ ᠮᠢᠬ᠎ᠠ᠂ ᠪᠤᠷᠴᠠᠭ ᠲᠠᠢ ᠪᠤᠭᠤᠷᠰᠤᠭ ᠵᠡᠷᠭᠡ ᠨᠤᠲᠤᠭ ᠤ᠋ᠨ ᠢᠳᠡᠭᠡᠨ᠎ᠢ ᠠᠮᠰᠠᠵᠤ ᠪᠣᠯᠤᠨ᠎ᠠ ᠭᠡᠵᠦ ᠳᠠᠨᠢᠯᠴᠠᠭᠤᠯᠤᠨ᠎ᠠ᠃
ᠠᠮᠢ ᠠᠬᠤᠢ ᠪᠣᠯᠤᠨ ᠠᠵᠤ ᠦᠢᠯᠡᠰ᠎ᠦᠨ ᠬᠠᠮᠲᠤ᠎ᠪᠠᠷ ᠠᠱᠢᠭ ᠬᠦᠷᠳᠡᠬᠦ᠌᠎ᠶ᠋ᠢ ᠪᠡᠶᠡᠯᠡᠭᠦᠯᠬᠦ᠌ ᠪᠣᠯ ᠬᠣᠩ ᠱᠢᠨ ᠲᠣᠰᠭᠣᠨ᠎ᠤ ᠤᠯᠠᠨ ᠵᠢᠯ᠎ᠦᠨ ᠲᠤᠷᠱᠢᠬᠢ ᠦᠢᠯᠡᠳᠦᠯᠭᠡ᠎ᠶ᠋ᠢᠨ ᠲᠤᠷᠱᠢᠯᠭ᠎ᠠ ᠪᠣᠯᠬᠤ ᠪᠥᠭᠡᠳ ᠬᠣᠩ ᠱᠢᠨ ᠲᠣᠰᠭᠣᠨ᠎ᠤ ᠢᠷᠡᠭᠡᠳᠦᠢ᠎ᠶ᠋ᠢᠨ ᠬᠥᠭ᠌ᠵᠢᠯᠲᠡ᠎ᠶ᠋ᠢᠨ ᠬᠠᠷᠠᠯᠲᠠ ᠪᠣᠯᠤᠨ ᠴᠢᠭ᠌ᠯᠡᠯ ᠪᠣᠯᠤᠨ᠎ᠠ᠃ ᠲᠤᠬᠠᠶ᠎ᠶ᠋ᠢᠨ ᠭᠠᠵᠠᠷ᠎ᠤᠨ ᠲᠣᠰᠭᠣᠨ᠎ᠤ ᠠᠷᠠᠳ ᠴᠤ᠌ ᠡᠨᠳᠡ᠎ᠡᠴᠡ ᠠᠱᠢᠭ ᠭᠥᠷᠳᠡᠵᠡᠶ᠃ 《ᠡᠢᠮᠦᠷᠬᠦᠦ ᠠᠵᠤ ᠦᠶ᠋ᠯᠡᠰ ᠤᠯᠠᠮ᠎ᠡᠴᠡ ᠤᠯᠠᠮ ᠣᠯᠠᠱᠢᠷᠠᠵᠤ᠂ ᠮᠠᠨ ᠤ᠋ ᠠᠷᠠᠳ ᠤ᠋ᠨ ᠠᠮᠢᠳᠤᠷᠠᠯ ᠨᠠᠩ ᠲᠠᠭᠠᠯᠠᠮᠵᠢᠲᠠᠶ ᠪᠣᠯᠬᠤ᠎ᠶ᠋ᠢ ᠬᠦᠰᠡᠵᠦ᠍ ᠪᠠᠢᠨ᠎ᠠ》 ᠭᠡᠵᠤ ᠬᠤᠸᠠᠩ ᠮᠢᠩ ᠶᠠᠩ ᠢᠨᠢᠶᠡᠮᠰᠦᠭ᠌ᠯᠡᠨ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃