ᠰᠣᠶᠣᠯ ᠤᠷᠠᠯᠢᠭ > ᠠᠷᠪᠠᠨ ᠳᠥᠷᠪᠡᠳᠦᠭᠡᠷ ᠬᠤᠭᠤᠴᠠᠭᠠᠨ᠎ᠤ᠋ ᠡᠪᠦᠯ᠎ᠦ᠋ᠨ ᠤᠯᠠᠷᠢᠯ᠎ᠤ᠋ᠨ ᠲᠠᠮᠢᠷ᠎ᠤ᠋ᠨ ᠴᠤᠭᠯᠠᠭᠠᠨ

2024-02-14 12:30:01

ᠵᠣᠬᠢᠶᠠᠭ᠍ᠴᠢ᠄ ᠪᠦᠦ ᠴᠢᠩ ᠱᠧᠩ ᠣᠩᠱᠢᠭ᠍ᠰᠠᠨ ᠣᠳᠠᠭ᠎ᠠ᠄ 3

ᠣᠢᠷ᠎ᠠ᠎ᠳᠤ᠂ ᠲᠦᠩᠯᠢᠶᠣᠤ ᠬᠣᠲᠠ᠎ᠶ᠋ᠢᠨ ᠡᠸᠦ ᠱᠢᠶᠠᠩ ᠵᠢᠦ ᠵᠢᠦ ᠴᠠᠨᠠᠯᠠᠯᠳᠠ ᠵᠢᠨ ᠲᠠᠯᠠᠪᠠᠶ ᠳ᠋ᠦ ᠵᠢᠭᠤᠯᠴᠢᠯᠠᠭ᠍ᠴᠢᠳ ᠵᠢᠡᠷ ᠲᠦᠬᠦᠷᠴᠦ᠂ ᠵᠠᠭᠤᠨ ᠮᠧᠲ᠋ᠷ ᠤ᠋ᠨ ᠴᠠᠨᠠᠯᠠᠯᠳᠠ ᠵᠢᠨ ᠵᠠᠮ ᠵᠢᠨᠷ ᠴᠠᠰᠤᠨ᠎ᠮᠦᠰᠤᠨ ᠤ᠋ ᠬᠠᠪᠤ ᠴᠡᠩᠭᠡᠯ᠎ᠢ ᠡᠳ᠋ᠯᠡᠨ᠎ᠠ᠂ ᠲᠠᠳᠠ ᠬᠡᠳᠦᠢᠪᠡᠷ ᠲᠤᠰᠭᠠᠶ ᠮᠡᠷᠭᠡᠵᠢᠯ᠎ᠦᠨ ᠪᠢᠰᠢ᠂ ᠬᠤᠷᠳᠤᠴᠠ᠎ᠨᠢ ᠤᠳᠠᠭᠠᠨ᠂ ᠴᠢᠨᠠᠭ᠍ᠰᠢᠯᠠᠪᠠᠯ ᠦᠷᠭᠦᠯᠵᠢ ᠣᠢᠴᠢᠳᠠᠭ ᠪᠣᠯᠪᠠᠴᠤ᠌ ᠣᠯᠠᠨ᠎ᠤ ᠤᠷᠮ᠎ᠠ ᠪᠠᠬ᠎ᠠ᠎ᠶ᠋ᠢ ᠥᠴᠦᠬᠡᠨ ᠴᠦ᠍ ᠨᠥᠯᠥᠭᠡᠯᠡᠬᠦ᠌ ᠥᠬᠡᠶ ᠪᠠᠢᠪᠠ᠃ 《ᠪᠢᠳᠡ ᠬᠡᠦᠬᠡᠳ᠎ᠢᠶᠡᠨ ᠳᠠᠭᠠᠭᠤᠯᠤᠨ ᠴᠠᠰᠤᠨ᠎ᠳᠤ ᠭᠤᠯᠭᠤᠬᠤ᠎ᠪᠠᠷ ᠢᠷᠡᠪᠡ᠂ ᠭᠡᠷ᠎ᠡᠴᠡ ᠣᠢᠷᠠᠬᠠᠨ ᠵᠢᠨᠷ ᠪᠠᠷᠠᠬᠤ ᠦᠬᠡᠢ᠂ ᠴᠠᠰᠤᠨ᠎ᠤ ᠴᠢᠨᠠᠷ ᠨᠡᠯᠢᠶᠡᠳ ᠵᠦᠭᠡᠷ᠂ ᠦᠶ᠋ᠯᠡᠴᠢᠯᠡᠬᠦ᠌ ᠣᠪᠣᠷ ᠴᠤ᠌ ᠮᠠᠰᠢ ᠰᠠᠢᠨ᠂ ᠬᠡᠦᠬᠡᠳ᠎ᠦᠳ ᠮᠠᠰᠢ ᠪᠠᠶᠠᠷᠲᠠᠶ ᠭᠤᠯᠭᠤᠵᠤ ᠪᠠᠢᠨ᠎ᠠ᠃ ᠬᠣᠵᠢᠮ ᠪᠢᠳᠡ ᠦᠷᠭᠦᠯᠵᠢ ᠢᠷᠡᠵᠦ᠍᠂ ᠬᠡᠦᠬᠡᠳ᠎ᠦᠨ ᠵᠢᠡᠨ ᠳᠤᠷ᠎ᠠ ᠪᠠᠬ᠎ᠠ ᠵᠢ ᠬᠥᠮᠦᠵᠢᠭᠦᠯᠦᠨ᠎ᠡ》 ᠭᠡᠵᠦ᠍ ᠬᠦᠷᠢᠶ᠎ᠡ ᠬᠣᠱᠢᠭᠤᠨ᠎ᠠᠴᠠ ᠢᠷᠡᠭ᠌ᠰᠡᠨ ᠵᠢᠭᠤᠯᠴᠢᠯᠠᠬᠴᠢ ᠰᠡᠴᠡᠨᠬᠦᠤ ᠬᠡᠯᠡᠪᠡ᠃

ᠡᠨᠡ ᠬᠦ᠌ ᠴᠠᠨᠠᠯᠠᠯᠳᠠ ᠲᠠᠯᠠᠪᠠᠢ ᠨᠢ ᠲᠦᠩᠯᠢᠶᠣᠤ ᠬᠣᠲᠠ᠎ᠶ᠋ᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠭᠠᠨᠵᠤᠭ᠎ᠠ ᠪᠠᠯᠭᠠᠰᠤᠨ᠎ᠤ ᠬᠣᠢᠨᠡᠬᠢ 304 ᠤᠯᠤᠰ᠎ᠤᠨ ᠵᠠᠮ᠎ᠤᠨ ᠵᠡᠭᠦᠨ ᠲᠠᠯ᠎ᠠ᠎ᠳᠤ ᠪᠠᠢᠷᠢᠯᠠᠵᠤ᠂ ᠴᠠᠨᠠᠯᠠᠬᠤ᠂ ᠴᠠᠰᠤᠨ ᠳ᠋ᠤ ᠨᠠᠭᠠᠳᠬᠤ᠂ ᠢᠳᠡᠭᠡᠨ ᠤᠮᠳᠠᠭᠠᠨ᠂ ᠬᠣᠨᠣᠭ ᠪᠠᠭᠤᠳᠠᠯ᠎ᠢ ᠨᠢᠭᠡ ᠴᠣᠭ᠍ᠴᠠᠵᠢᠭᠤᠯᠤᠭ᠍ᠰᠠᠨ ᠶᠡᠷᠦᠩᠬᠡᠢᠯᠡᠭ᠌ᠰᠡᠨ ᠴᠢᠨᠠᠷᠲᠠᠶ ᠵᠤᠭ᠎ᠠ ᠴᠡᠩᠭᠡᠯ᠎ᠦᠨ ᠲᠠᠯᠠᠪᠤᠷ ᠪᠣᠯᠤᠨ᠎ᠠ᠂ ᠲᠠᠯᠠᠪᠠᠶ᠎ᠳᠤ ᠠᠩᠬ᠎ᠠ᠂ ᠳᠤᠮᠳᠠ ᠵᠡᠷᠭᠡ᠎ᠶ᠋ᠢᠨ ᠴᠠᠨᠠᠯᠠᠯᠳᠠ ᠵᠢᠨ ᠵᠠᠮ ᠪᠠᠢᠬᠤ ᠡᠴᠡ ᠭᠠᠳᠠᠨ᠎ᠠ ᠪᠠᠰᠠ ᠬᠡᠦᠬᠡᠳ᠎ᠦᠨ ᠴᠠᠨᠠᠯᠠᠯᠳᠠ ᠵᠢᠨ ᠬᠦᠷᠢᠶᠡᠯᠡᠩ᠂ ᠮᠥᠰᠥ᠍ ᠭᠤᠯᠭᠤᠬᠤ ᠲᠠᠯᠠᠪᠠᠶ᠂ ᠵᠢᠭᠤᠯᠴᠢᠯᠠᠬᠴᠢᠳ ᠢ᠋ ᠭᠥᠯᠢᠶᠡᠨ ᠠᠪᠬᠤ ᠲᠥᠪ ᠵᠡᠷᠭᠡ᠎ᠶ᠋ᠢ ᠪᠠᠢᠭᠤᠯᠵᠤ᠂ ᠴᠠᠨᠠᠯᠠᠯᠳᠠ ᠵᠢᠨ ᠲᠣᠨᠣᠭ ᠲᠥᠬᠥᠭᠡᠷᠦᠮᠵᠢ ᠪᠦᠷᠢᠨ ᠭᠦᠶ᠋ᠴᠡᠳ ᠪᠠᠢᠬᠤ᠎ᠶ᠋ᠢᠨ ᠬᠠᠮᠲᠤ ᠲᠤᠰᠭᠠᠶ ᠮᠡᠷᠭᠡᠵᠢᠯ᠎ᠦᠨ ᠰᠤᠷᠭᠠᠬᠴᠢ᠎ᠨᠢ ᠴᠠᠨᠠᠯᠠᠯᠳᠠ ᠵᠢᠨ ᠤᠷ᠎ᠠ ᠮᠡᠷᠭᠡᠵᠢᠯ᠎ᠢ ᠵᠢᠭᠠᠵᠤ᠂ ᠠᠳᠠᠯᠢ ᠪᠤᠰᠤ ᠵᠢᠭᠤᠯᠴᠢᠯᠠᠭ᠍ᠴᠢᠳ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠵᠤ᠂ ᠡᠷᠬᠢᠨ ᠲᠣᠭᠣᠷᠢᠨ᠎ᠤ ᠭᠠᠵᠠᠷ ᠣᠷᠣᠨ᠎ᠤ ᠣᠯᠠᠨ ᠲᠦᠮᠡᠨ᠎ᠳᠦ ᠵᠤᠭ᠎ᠠ ᠴᠡᠩᠭᠡᠯ᠎ᠦᠨ ᠰᠠᠢᠨ ᠭᠠᠵᠠᠷ ᠬᠠᠩᠭᠠᠭ᠍ᠰᠠᠨ ᠪᠠᠢᠨ᠎ᠠ᠃ ᠥᠪᠥᠷ ᠮᠣᠩᠭᠣᠯ᠎ᠤᠨ ᠡᠸᠦ ᠱᠢᠶᠠᠩ ᠵᠢᠦ ᠵᠢᠦ ᠵᠢᠭᠤᠯᠴᠢᠯᠠᠯ᠎ᠤᠨ ᠨᠡᠭᠡᠭᠡᠨ ᠬᠥᠭ᠌ᠵᠢᠭᠦᠯᠦᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠳᠠᠭᠠᠭᠠᠮᠠᠯ ᠵᠢᠶᠠᠩ ᠱᠢᠨ ᠯᠸᠢ ᠵᠢᠨ ᠲᠠᠨᠢᠯᠴᠠᠭᠤᠯᠤᠭ᠍ᠰᠠᠨ᠎ᠢᠶᠠᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠠᠵᠠ ᠲᠣᠬᠢᠶᠠᠯ᠎ᠢᠶᠠᠷ ᠴᠠᠨᠠᠯᠠᠯᠳᠠ ᠵᠢᠨ ᠬᠥᠳᠡᠯᠭᠡᠭᠡᠨ᠎ᠨᠢ ᠤᠯᠠᠮ᠎ᠡᠴᠡ ᠤᠯᠠᠮ ᠣᠯᠠᠨ᠎ᠤ ᠪᠠᠬᠠᠷᠬᠠᠯ᠎ᠢ ᠲᠠᠳᠠᠵᠤ᠂ ᠡᠨᠡ ᠵᠢᠯ ᠴᠠᠨᠠᠯᠠᠯᠳᠠ ᠵᠢᠨ ᠲᠠᠯᠠᠪᠠᠶ᠎ᠶ᠋ᠢᠨ ᠵᠢᠭᠤᠯᠴᠢᠯᠠᠬᠴᠢᠳ ᠢᠯᠡᠳᠲᠡ ᠨᠡᠮᠡᠭ᠌ᠳᠡᠵᠦ᠍᠂ ᠡᠳᠦᠷ ᠪᠦᠷᠢ 200 ᠣᠷᠴᠢᠮ ᠬᠥᠮᠦᠨ ᠢ᠋ ᠬᠦᠯᠢᠶᠠᠨ ᠠᠪᠴᠤ ᠪᠠᠢᠨ᠎ᠠ ᠬᠡᠵᠡᠢ᠃

ᠡᠸᠦ ᠱᠢᠶᠠᠩ ᠵᠢᠦ ᠵᠢᠤ ᠴᠠᠨᠠᠯᠠᠯᠳᠠ ᠵᠢᠨ ᠲᠠᠯᠠᠪᠠᠶ᠎ᠨᠢ ᠲᠦᠩᠯᠢᠶᠣᠤ ᠣᠷᠣᠨ᠎ᠤ ᠴᠣᠷ᠎ᠤᠨ ᠭᠠᠭ᠍ᠴᠠ ᠴᠠᠨᠠᠯᠠᠯᠳᠠ ᠵᠢᠨ ᠲᠠᠯᠠᠪᠠᠶ ᠪᠣᠯᠤᠭ᠍ᠰᠠᠨ᠎ᠤ ᠬᠤᠪᠢ᠎ᠳᠤ 2023 ᠣᠨ᠎ᠤ 12 ᠳ᠋ᠤᠭᠠᠷ ᠰᠠᠷ᠎ᠠ᠎ᠶ᠋ᠢᠨ 8᠎ᠤ᠋ ᠡᠳᠦᠷ᠂ ᠲᠦᠩᠯᠢᠶᠣᠤ ᠬᠣᠲᠠ᠎ᠶ᠋ᠢᠨ ᠭᠤᠷᠪᠠᠳᠤᠭᠠᠷ ᠬᠤᠭᠤᠴᠠᠭᠠᠨ᠎ᠤ ᠮᠥᠰᠥ᠍ ᠴᠠᠰᠤᠨ᠎ᠤ ᠴᠡᠩᠬᠡᠭᠦᠨ ᠨᠠᠢᠷ᠎ᠤᠨ ᠱᠢᠷᠢᠰ ᠠᠵᠢᠯᠯᠠᠭ᠎ᠠ ᠡᠨᠳᠡ ᠡᠬᠢᠯᠡᠵᠦ᠍᠂ ᠠᠵᠢᠯᠯᠠᠭ᠎ᠠ᠎ᠨᠢ 《ᠪᠠᠷᠠᠭᠤᠨ ᠯᠢᠶᠣᠤᠾᠧ ᠭᠤᠤᠯ᠎ᠤᠨ ᠬᠥᠪᠡᠭᠡᠨ᠎ᠳ᠋ᠡᠬᠢ ᠮᠥᠰᠥ᠍ ᠴᠠᠰᠤᠨ᠎ᠤ ᠴᠡᠩᠭᠡᠯ》ᠵᠢᠨᠷ ᠭᠤᠤᠯ ᠰᠡᠳᠦᠪ ᠪᠣᠯᠭᠠᠵᠤ᠂《ᠬᠥᠮᠦᠨ ᠪᠦᠬᠦᠨ ᠮᠥᠰᠥ᠍ ᠴᠠᠰᠤᠨ᠎ᠤ ᠠᠵᠢᠯᠯᠠᠭ᠎ᠠ᠎ᠳᠤ ᠣᠷᠣᠯᠴᠠᠵᠤ᠂ ᠬᠥᠮᠦᠨ ᠪᠦᠬᠦᠨ 〈ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ〉 ᠳ᠋ᠤ ᠬᠦᠴᠦᠨ ᠨᠡᠮᠡᠷᠢᠯᠡᠬᠦ᠌》 ᠬᠦᠨ ᠵᠤᠵᠠᠭᠠᠨ ᠠᠭᠤᠷ ᠠᠮᠢᠰᠭᠤᠯ᠎ᠢ ᠢᠳᠡᠪᠬᠢᠲᠡᠶ ᠪᠣᠶ ᠪᠣᠯᠭᠠᠪᠠ᠃ ᠡᠨᠡ ᠵᠢᠯ᠎ᠦᠨ 1 ᠰᠠᠷ᠎ᠠ᠎ᠶ᠋ᠢᠨ 26᠎ᠤ᠋ ᠡᠳᠦᠷ᠂ 《ᠥᠪᠥᠷ ᠮᠣᠩᠭᠣᠯ᠎ᠤᠨ ᠲᠠᠮᠢᠷᠴᠢᠨ ᠪᠠᠭᠠᠴᠤᠳ》 2024 ᠣᠨ᠎ᠤ ᠲᠦᠩᠯᠢᠶᠣᠤ ᠬᠣᠲᠠ᠎ᠶ᠋ᠢᠨ 《ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠱᠠᠩᠨᠠᠯᠲᠤ ᠰᠤᠭᠤᠯᠤᠭ᠎ᠠ ᠬᠤᠨᠳᠠᠭᠠᠲᠤ》 ᠵᠠᠯᠠᠭᠤᠴᠤᠳ ᠪᠠᠭᠠᠴᠤᠳ᠎ᠤᠨ ᠮᠥᠰᠥ᠍ ᠴᠠᠰᠤᠨ᠎ᠤ ᠰᠣᠨᠢᠷᠬᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠡᠨᠳᠡ ᠡᠬᠢᠯᠡᠵᠦ᠍᠂ ᠤᠷᠤᠯᠳᠤᠭᠠᠨ᠎ᠳᠤ ᠴᠠᠰᠤᠨ ᠳᠡᠭᠡᠷᠡᠬᠢ ᠳᠡᠭᠡᠰᠦ ᠲᠠᠲᠠᠬᠤ᠂ ᠴᠠᠰᠤᠨ ᠴᠠᠭᠠᠷᠢᠭ ᠲᠠᠲᠠᠬᠤ᠂ ᠮᠥᠰᠥᠨ ᠲᠡᠷᠭᠡ ᠵᠡᠷᠭᠡ ᠪᠡᠶ᠎ᠡ᠎ᠶ᠋ᠢᠨ ᠲᠠᠮᠢᠷ᠎ᠤᠨ ᠲᠥᠷᠥᠯ ᠵᠦᠶ᠋ᠯ᠎ᠢ ᠲᠣᠬᠢᠷᠠᠭᠤᠯᠵᠤ᠂ ᠪᠥᠬᠥ᠌ ᠬᠣᠲᠠ᠎ᠶ᠋ᠢᠨ 7 ᠬᠣᠱᠢᠭᠤ ᠱᠢᠶᠠᠨ ᠬᠣᠲᠠ ᠲᠣᠭᠣᠷᠢᠭ᠎ᠤᠨ 15 ᠲᠥᠯᠥᠭᠡᠯᠡᠭ᠌ᠴᠢᠳ᠎ᠦᠨ ᠠᠩᠭᠢ ᠵᠢᠨ 140 ᠭᠠᠷᠤᠶ ᠲᠠᠮᠢᠷᠴᠢᠨ ᠤᠷᠤᠯᠳᠤᠭᠠᠨ᠎ᠳᠤ ᠣᠷᠣᠯᠴᠠᠪᠠ᠃

ᠣᠢᠯᠠᠭᠠᠭ᠍ᠰᠠᠨ᠎ᠢᠶᠠᠷ᠂ ᠵᠢᠯ᠎ᠤᠨ ᠡᠬᠢᠨ᠎ᠡᠴᠡ ᠨᠠᠭᠠᠰᠢ᠂ ᠲᠦᠩᠯᠢᠶᠣᠤ ᠬᠣᠲᠠ ᠵᠠᠯᠭᠠᠭ᠎ᠠ᠎ᠪᠠᠷ 《ᠥᠪᠥᠷ ᠮᠣᠩᠭᠣᠯ᠎ᠤᠨ ᠲᠠᠮᠢᠷᠴᠢᠨ ᠪᠠᠭᠠᠴᠤᠳ》 2024 ᠣᠨ᠎ᠤ ᠲᠦᠩᠯᠢᠶᠣᠤ ᠬᠣᠲᠠ᠎ᠶ᠋ᠢᠨ 《ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠱᠠᠩᠨᠠᠯᠲᠤ ᠰᠤᠭᠤᠯᠤᠭ᠎ᠠ ᠬᠤᠨᠳᠠᠭᠠᠲᠤ》 ᠵᠠᠯᠠᠭᠤᠴᠤᠳ ᠪᠠᠭᠠᠴᠤᠳ᠎ᠤᠨ ᠮᠥᠰᠥ᠍ ᠴᠠᠰᠤᠨ᠎ᠤ ᠰᠣᠨᠢᠷᠬᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠂ 《ᠠᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠣᠯᠠᠨ ᠲᠦᠮᠡᠨ᠎ᠦ ᠮᠥᠰᠥ᠍ ᠴᠠᠰᠤᠨ᠎ᠤ ᠤᠯᠠᠷᠢᠯ》 ᠵᠢᠴᠢ ᠲᠦᠩᠯᠢᠶᠣᠤ ᠬᠣᠲᠠ᠎ᠶ᠋ᠢᠨ ᠳᠣᠯᠣᠳᠤᠭᠠᠷ ᠬᠤᠭᠤᠴᠠᠭᠠᠨ᠎ᠤ ᠬᠣᠷᠴᠢᠨ ᠪᠡᠶ᠎ᠡ᠎ᠶ᠋ᠢᠨ ᠲᠠᠮᠢᠷ᠎ᠤᠨ ᠶᠡᠬᠡ ᠴᠤᠬᠯᠠᠭᠠᠨ᠂ 《ᠪᠠᠶᠠᠷ ᠬᠥᠷ᠎ᠲᠡᠶ ᠮᠥᠰᠥ᠍ ᠴᠠᠰᠤᠨ᠎ᠤ ᠢᠷᠡᠭᠡᠳᠦᠶ᠎ᠪᠡᠨ ᠬᠠᠮᠲᠤ᠎ᠪᠠᠷ ᠴᠣᠭ᠍ᠴᠠᠯᠠᠬᠤ》 ᠠᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠣᠯᠠᠨ ᠲᠦᠮᠡᠨ᠎ᠦ ᠮᠥᠰᠥ᠍ ᠴᠠᠰᠤᠨ᠎ᠤ ᠤᠯᠠᠷᠢᠯ ᠵᠢᠴᠢ ᠲᠦᠩᠯᠢᠶᠣᠤ ᠬᠣᠲᠠ᠎ᠶ᠋ᠢᠨ ᠭᠤᠷᠪᠠᠳᠤᠭᠠᠷ ᠬᠤᠭᠤᠴᠠᠭᠠᠨ᠎ᠤ ᠮᠥᠰᠥ᠍ ᠴᠠᠰᠤᠨ᠎ᠤ ᠴᠡᠩᠬᠡᠭᠦᠨ ᠨᠠᠢᠷ᠎ᠢ᠋ ᠡᠷᠭᠢᠯᠡᠵᠦ᠍᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面