2024-02-15 12:52:54
ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢ ᠡᠷᠬᠢᠯᠡᠬᠦ᠎ᠳᠦ ᠬᠦᠯᠦᠨ ᠪᠤᠢᠷ ᠪᠡᠯᠡᠬᠡᠨ ᠪᠤᠯᠤᠯ᠎ᠠ !
ᠤᠷᠢᠨ ᠲᠤᠯᠠᠭᠠᠨ ᠬᠠᠪᠤᠷ ᠣᠢᠷᠠᠲᠤᠯ᠎ᠠ᠂ ᠦᠪᠡᠳᠡᠭᠰᠢ ᠶᠡᠬᠡ ᠲᠠᠮᠢᠷ᠎ᠤᠨ ᠴᠤᠭᠯᠠᠭᠠᠨᠴᠤ ᠤᠳᠠᠯ ᠦᠭᠡᠢ ᠡᠬᠢᠯᠡᠬᠦ ᠪᠤᠯᠤᠯ᠎ᠠ᠃
ᠬᠥᠯᠥᠨ ᠪᠤᠢ᠌ᠷ᠎ᠤᠨ ᠡᠭᠡ ᠭᠠᠵᠠᠷ᠎ᠲᠤ ᠥᠷᠨᠢᠭᠦᠨ ᠪᠠᠳᠠᠷᠠᠩᠭᠤᠢ ᠬᠠᠪᠤᠷ᠎ᠤᠨ ᠠᠮᠢᠵᠢᠷᠠᠯ ᠡᠬᠢᠯᠡᠵᠦ᠂ ᠬᠥᠮᠦᠰ ᠴᠦ᠍ ᠰᠠᠷ᠎ᠠ ᠰᠢᠨ᠎ᠡ᠎ᠶᠢᠨ ᠰᠠᠢᠬᠠᠨ ᠴᠠᠭ ᠰᠡᠳᠬᠢᠯ ᠲᠡᠨᠢᠭᠦᠨ᠎ᠢᠶᠡᠷ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠡᠬᠢᠯᠡᠬᠦ᠌᠎ᠶ᠋ᠢ ᠬᠦᠰᠡᠨ ᠪᠠᠷᠠᠯᠠᠨ᠎ᠠ᠃
ᠲᠦᠷᠦᠭᠦᠬᠡᠨ᠂ ᠬᠥᠯᠥᠨ ᠪᠣᠢᠷ᠎ᠤᠨ ᠤᠷᠤᠯᠳᠤᠭᠠᠨ᠎ᠤ ᠲᠣᠭᠣᠷᠢᠭ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠥᠰᠥᠨ ᠳᠡᠭᠡᠷᠡᠬᠢ ᠲᠠᠮᠢᠷ᠎ᠤᠨ ᠬᠥᠳᠡᠯᠭᠡᠭᠡᠨ᠎ᠦ ᠪᠣᠯᠪᠠᠰᠤᠷᠠᠯ᠎ᠤᠨ ᠲᠥᠪ ᠤᠷᠠᠨ ᠲᠡᠱᠢᠯᠲᠡ (ᠵᠠᠯᠠᠭᠤᠴᠤᠳ᠎ᠤᠨ ᠳᠤᠭᠤᠢᠯᠠᠩ) ᠶ᠋ᠢᠨ ᠤᠷᠤᠯᠳᠤᠭᠠᠨ᠎ᠢ ᠳᠠᠭᠠᠭᠠᠴᠢᠯᠠᠨ ᠡᠷᠭᠢᠯᠡᠪᠡ᠂ ᠡᠭᠦᠨ ᠡᠴᠡ ᠡᠮᠦᠨ᠎ᠡ᠂ ᠣᠢᠷ᠎ᠠ ᠵᠠᠮ᠎ᠤᠨ ᠲᠦᠷᠭᠡᠨ ᠲᠡᠱᠢᠯᠲᠡ (ᠵᠠᠯᠠᠭᠤᠴᠤᠳ᠎ᠤᠨ ᠳᠤᠭᠤᠢᠯᠠᠩ) ᠴᠤ᠌ ᠮᠦᠨ ᠲᠤᠰ ᠪᠤᠯᠪᠠᠰᠤᠷᠠᠯ᠎ᠤᠨ ᠲᠦᠪ ᠲᠸ᠋ ᠶᠠᠪᠤᠭᠳᠠᠪᠠ᠃ ᠡᠭᠦᠨ᠎ᠡᠴᠡ ᠭᠠᠳᠠᠨ᠎ᠠ᠂ ᠲᠦᠷᠭᠡᠨ ᠲᠡᠱᠢᠯᠲᠡ (ᠢᠯᠡ ᠪᠡᠷ ᠤᠷᠤᠯᠳᠤᠬᠤ ᠳᠤᠭᠤᠢᠯᠠᠩ)᠂ ᠮᠥᠰᠥᠨ ᠳᠡᠪᠦᠷ᠎ᠡ (ᠵᠠᠯᠠᠭᠤᠴᠤᠳ᠎ᠤᠨ ᠳᠤᠭᠤᠢᠯᠠᠩ) ᠶ᠋ᠢᠨ ᠤᠷᠤᠯᠳᠤᠭᠠᠨᠴᠤ᠌ ᠬᠤᠢᠨ᠎ᠠ ᠬᠤᠢᠨ᠎ᠠ ᠡᠴᠡ ᠪᠠᠨ ᠶᠠᠪᠤᠭᠳᠠᠵᠤ ᠳᠠᠭᠤᠰᠪᠠ᠃ ᠡᠭᠦᠨ᠎ᠦ ᠳᠡᠭᠡᠷ᠎ᠡ ᠨᠢᠭᠡᠨᠲᠡ ᠤᠷᠤᠯᠳᠤᠵᠤ ᠳᠠᠭᠤᠰᠤᠭ᠍ᠰᠠᠨ ᠮᠥᠰᠥᠨ ᠪᠥᠮᠪᠥᠭᠡ (ᠢᠯᠡ ᠪᠡᠷ ᠤᠷᠤᠯᠳᠤᠬᠤ ᠳᠤᠭᠤᠢᠯᠠᠩ) ᠶ᠋ᠢᠨ ᠤᠷᠤᠯᠳᠤᠭᠠᠨ᠎ᠢ ᠨᠡᠮᠡᠪᠡᠯ᠂ ᠬᠥᠯᠥᠨ ᠪᠣᠢᠷ᠎ᠤᠨ ᠤᠷᠤᠯᠳᠤᠭᠠᠨ᠎ᠤ ᠲᠣᠭᠣᠷᠢᠭ᠎ᠤᠨ ᠮᠥᠰᠥᠨ ᠳᠡᠭᠡᠷᠡᠬᠢ 4 ᠲᠥᠷᠥᠯ ᠵᠦᠶ᠋ᠯ᠎ᠦᠨ ᠤᠷᠤᠯᠳᠤᠭᠠᠨ᠎ᠤ ᠲᠠᠯᠠᠪᠤᠷ᠎ᠨᠢ ᠨᠢᠭᠡᠨᠲᠡ ᠪᠦᠬᠦᠨ᠎ᠢᠶᠡᠷ᠎ᠢᠶᠡᠨ ᠠᠱᠢᠭ᠍ᠯᠠᠯᠲᠠ᠎ᠳᠤ ᠣᠷᠣᠭ᠍ᠰᠠᠨ ᠪᠥᠭᠡᠳ ᠤᠷᠤᠯᠳᠤᠭᠠᠨ᠎ᠤ ᠱᠢᠯᠭᠠᠨ ᠪᠠᠢᠴᠠᠭᠠᠯᠲᠠ᠎ᠶ᠋ᠢ ᠬᠦᠯᠢᠶᠡᠵᠡᠢ᠃
ᠬᠥᠯᠥᠨ ᠪᠤᠢ᠌ᠷ᠎ᠤᠨ ᠦᠨᠴᠦᠭ ᠪᠤᠯᠤᠩ ᠪᠦᠬᠦᠨ ᠡᠴᠡ ᠦᠪᠡᠳᠡᠭᠰᠢ ᠴᠤᠭᠯᠠᠭᠠᠨ᠎ᠢ ᠰᠠᠢᠳᠤᠷ ᠡᠷᠬᠢᠯᠡᠬᠦ ᠤᠷᠬᠢᠯᠤᠮ᠎ᠠ ᠬᠠᠯᠠᠭᠤᠨ ᠰᠡᠳᠭᠢᠯᠭᠡ᠎ᠶ᠋ᠢ ᠮᠡᠳᠡᠷᠡᠵᠦ᠍ ᠪᠤᠯᠬᠤ ᠶᠤᠮ᠂ ᠨᠢᠰᠭᠡᠯ᠎ᠦᠨ ᠪᠠᠭᠤᠳᠠᠯ ᠡᠴᠡ ᠪᠣᠭᠣᠳᠠᠯ ᠪᠠᠭ᠍ᠯᠠᠭ᠎ᠠ᠎ᠪᠠᠨ ᠠᠪᠤᠭᠠᠳ ᠭᠠᠷᠴᠤ᠌ ᠢᠷᠡᠬᠦ᠌᠎ᠳᠦ ᠰᠠᠢ᠌ᠨ ᠲᠤᠷᠠᠴᠤᠳ ᠪᠦᠷᠢᠨ ᠭᠦᠢᠴᠡᠳ ᠵᠢᠯᠤᠭᠤᠳᠤᠮᠵᠢ ᠬᠠᠩᠭᠠᠵᠤ ᠪᠠᠢᠬᠤ᠎ᠶ᠋ᠢ ᠣᠯᠵᠤ ᠬᠠᠷᠠᠨ᠎ᠠ; ᠪᠠᠭᠤᠳᠠᠯ᠎ᠳᠤ ᠬᠦᠷᠴᠦ ᠤᠴᠢᠪᠠᠯ᠂ ᠵᠣᠴᠢᠳ᠎ᠤᠨ ᠪᠠᠭᠤᠳᠠᠯ᠎ᠤᠨ ᠳᠣᠲᠣᠷ᠎ᠠ ᠭᠠᠳᠠᠨ᠎ᠠ ᠪᠦᠷ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠡᠯᠧᠮᠧᠨ᠋ᠲ ᠨᠤᠭᠦᠳ ᠳᠤᠳᠤ ᠬᠠᠷᠠᠭᠳᠠᠨ᠎ᠠ; ᠪᠠᠭᠤᠳᠠᠯ᠎ᠤᠨ ᠶᠡᠬᠡ ᠲᠠᠩᠬᠢᠮ᠎ᠳᠤ᠂ ᠮᠣᠩᠭᠣᠯ ᠲᠡᠷᠯᠢᠭ᠎ᠢᠶᠡᠷ ᠭᠤᠶᠤᠯᠠᠭᠰᠠᠨ ᠬᠦᠮᠦᠰ ᠰᠠᠮᠪᠠᠢ ᠬᠠᠳᠠᠭ᠎ᠢᠶᠡᠨ ᠳᠡᠯᠭᠡᠵᠦ ᠬᠤᠯᠠ ᠤᠢᠷ᠎ᠠ ᠡᠴᠡ ᠬᠦᠷᠦᠯᠴᠡᠨ ᠢᠷᠡᠭᠰᠡᠨ ᠵᠣᠴᠢᠳ᠎ᠲᠤ ᠴᠢᠩ ᠰᠡᠳᠭᠢᠯ᠎ᠦᠨ ᠵᠥᠩᠨᠡᠯ᠎ᠢᠶᠡᠨ ᠳᠡᠪᠱᠢᠭᠦᠯᠦᠨ᠎ᠡ ᠁
ᠭᠣᠣᠯ ᠵᠠᠭᠤᠴᠢᠯᠠᠭᠤᠷ᠎ᠤᠨ ᠲᠥᠪ ᠪᠣᠯ ᠲᠠᠮᠢᠷ᠎ᠤᠨ ᠴᠤᠭᠯᠠᠭᠠᠨ᠎ᠤ ᠳᠠᠩᠰᠠᠯᠠᠭᠤᠯᠤᠭᠰᠠᠨ ᠵᠠᠭᠤᠴᠢᠯᠠᠭᠤᠷ ᠪᠠ ᠳᠠᠮᠵᠢᠭᠤᠯᠤᠨ ᠨᠡᠪᠲᠡᠷᠡᠭᠦᠯᠬᠦ᠌ ᠬᠤᠳᠠᠯᠳᠤᠭᠠᠴᠢᠳ᠎ᠤᠨ ᠤᠷᠤᠯᠳᠤᠭᠠᠨ᠎ᠤ ᠪᠠᠢᠳᠠᠯ᠎ᠢ ᠨᠡᠪᠳᠡᠷᠡᠬᠦᠯᠬᠦ ᠶᠡᠷᠦᠩᠬᠡᠶ ᠬᠡᠯᠲᠡᠰ ᠮᠥᠨ᠂ ᠳᠡᠷᠡ ᠨᠢ ᠠᠯᠪᠠᠨ᠎ᠤ ᠮᠡᠳᠡᠭᠡ ᠵᠠᠩᠭᠢ ᠨᠡᠢᠲᠡᠯᠡᠬᠦ᠌ ᠲᠥᠪ ᠪᠤᠯᠬᠤ ᠪᠡᠷ ᠪᠠᠷᠠᠬᠤ ᠦᠭᠡᠢ ᠪᠠᠰᠠ ᠴᠤ᠌ ᠵᠠᠭᠤᠴᠢᠯᠠᠭᠤᠷ᠎ᠤᠨ ᠦᠢᠯᠡᠴᠢᠯᠡᠭᠡᠨ᠎ᠦ ᠲᠥᠪ ᠪᠠ ᠵᠠᠭᠤᠴᠢᠯᠠᠭᠤᠷ᠎ᠤᠨ ᠬᠠᠷᠢᠯᠴᠠᠭᠠᠨ᠎ᠤ ᠬᠦᠢᠰᠦ ᠮᠥᠨ᠃ ᠡᠯ᠎ᠡ ᠬᠤᠪᠢᠶᠠᠷᠢ ᠤᠷᠤᠯᠳᠤᠭᠠᠨ᠎ᠤ ᠲᠣᠭᠣᠷᠢᠭ᠎ᠤᠨ ᠵᠠᠭᠤᠴᠢᠯᠠᠭᠤᠷ᠎ᠤᠨ ᠲᠥᠪ ᠪᠠ ᠵᠠᠭᠤᠴᠢᠯᠠᠭᠤᠷ᠎ᠤᠨ ᠠᠵᠢᠯ᠎ᠤᠨ ᠲᠠᠰᠤᠭ ᠴᠤ᠌ ᠪᠦᠷ ᠪᠡᠯᠡᠬᠡᠨ ᠪᠣᠯᠪᠠ᠃
ᠬᠠᠮᠤᠭ᠎ᠤᠨ ᠱᠢᠨ᠎ᠡ ᠤᠷᠤᠯᠳᠤᠭᠠᠨ᠎ᠤ ᠶᠠᠪᠤᠴᠠ᠎ᠶ᠋ᠢ ᠦᠨᠳᠦᠰᠦᠯᠡᠪᠡᠯ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠤ ᠲᠥᠷᠥᠯ ᠵᠦᠶ᠋ᠯ᠎ᠨᠢ 2026 ᠣᠨ᠎ᠤ ᠮᠢᠯᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢᠶᠡᠷ ᠪᠠᠷᠢᠮᠵᠢᠶᠠᠯᠠᠵᠤ 8 ᠶᠡᠬᠡ ᠲᠥᠷᠥᠯ᠂ 16 ᠬᠤᠪᠢᠶᠠᠷᠢ ᠲᠥᠷᠥᠯ᠂ 176 ᠪᠠᠭ᠎ᠠ ᠲᠥᠷᠥᠯ ᠵᠦᠶ᠋ᠯ᠎ᠢ ᠬᠠᠮᠤᠷᠴᠤ᠂ ᠵᠢᠱ᠌ᠢᠯᠲᠡ᠎ᠪᠡᠷ ᠤᠷᠤᠯᠳᠤᠭᠠᠨ᠎ᠳᠤ ᠣᠷᠣᠯᠴᠠᠬᠤ ᠲᠠᠮᠢᠷᠴᠢᠨ 3700 ᠭᠠᠷᠤᠶ ᠬᠥᠮᠦᠨ ᠪᠠᠢᠵᠤ᠂ ᠤᠳᠤ ᠪᠤᠯᠳᠠᠯ᠎ᠠ ᠶᠠᠪᠤᠭᠳᠠᠵᠤ ᠦᠩᠭᠡᠷᠡᠭᠰᠡᠨ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠳᠣᠲᠣᠷᠠᠬᠢ ᠬᠡᠪᠴᠢᠶ᠎ᠡ᠎ᠪᠡᠷ ᠬᠠᠮᠤᠭ᠎ᠤᠨ ᠶᠡᠬᠡ᠂ ᠲᠥᠷᠥᠯ ᠵᠦᠶ᠋ᠯ ᠬᠠᠮᠤᠭ᠎ᠤᠨ ᠣᠯᠠᠨ᠂ ᠪᠠᠷᠢᠮᠵᠢᠶ᠎ᠠ ᠬᠠᠮᠤᠭ᠎ᠤᠨ ᠥᠨᠳᠥᠷ ᠨᠢᠭᠡ ᠬᠤᠭᠤᠴᠠᠭᠠᠨ᠎ᠤ ᠴᠤᠭᠯᠠᠭᠠᠨ ᠪᠤᠯᠬᠤ ᠶᠤᠮ᠃
ᠣᠢᠷ᠎ᠠ᠎ᠳᠤ᠂ ᠬᠥᠯᠥᠨ ᠪᠣᠢᠷ ᠬᠣᠲᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ᠎ᠤᠨ ᠳᠥᠷᠪᠡᠳᠦᠭᠡᠷ ᠤᠳᠠᠭᠠᠨ᠎ᠤ ᠪᠥᠬᠥ᠌ ᠡᠯᠧᠮᠧᠨ᠋ᠲ᠎ᠦᠨ ᠰᠣᠷᠢᠯᠲᠠ ᠬᠢᠪᠠ᠃ ᠲᠤᠰ ᠤᠳᠠᠭᠠᠨ᠎ᠤ ᠰᠣᠷᠢᠯᠲᠠ ᠨᠢ ᠡᠬᠢᠯᠡᠯᠲᠡ᠎ᠶ᠋ᠢᠨ ᠶᠣᠰᠣᠯᠠᠯ᠎ᠤᠨ ᠡᠳᠦᠷ᠎ᠤᠨ ᠪᠦᠬᠦ ᠶᠠᠪᠤᠴᠠ ᠶᠤᠰᠤᠭᠠᠷ ᠶᠠᠪᠤᠭ᠍ᠳᠠᠵᠠᠶ᠃
《ᠪᠢᠳᠡ ᠤᠷᠤᠯᠳᠤᠭᠠᠨ᠎ᠤ ᠵᠣᠬᠢᠶᠠᠨ ᠪᠠᠢᠭᠤᠯᠤᠯᠲᠠ ᠪᠠ ᠦᠶ᠋ᠯᠡᠴᠢᠯᠡᠭᠡᠨ᠎ᠦ ᠪᠠᠲᠤᠯᠠᠭ᠎ᠠ᠎ᠶ᠋ᠢ ᠤᠯᠠᠮ ᠱᠢᠯᠢᠳᠡᠭ᠌ᠵᠢᠭᠦᠯᠵᠦ᠍ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢ ᠢᠯᠡ ᠲᠣᠳᠣ ᠣᠨᠴᠠᠯᠢᠭ᠎ᠲᠠᠶ᠂ ᠭᠣᠢᠳᠠ ᠰᠠᠢᠬᠠᠨ ᠪᠥᠭᠡᠳ ᠮᠠᠷᠲᠠᠭ᠍ᠳᠠᠰᠢ ᠥᠬᠡᠶ᠂ ᠣᠯᠠᠨ ᠲᠦᠮᠡᠨ᠎ᠳᠦ ᠠᠱᠢᠭ ᠬᠦᠷᠲᠡᠭᠡᠬᠦ᠌᠂ ᠳᠦᠷᠢ ᠲᠥᠷᠬᠦ᠌᠎ᠶ᠋ᠢ ᠢᠯᠡᠷᠡᠭᠦᠯᠬᠦ᠌ ᠪᠡᠶ᠎ᠡ᠎ᠶ᠋ᠢᠨ ᠲᠠᠮᠢᠷ᠎ᠤᠨ ᠦᠪᠡᠳᠡᠭ᠌ᠰᠢ ᠴᠤᠭ᠍ᠯᠠᠭᠠᠨ ᠪᠣᠯᠭᠠᠨ ᠡᠷᠭᠢᠯᠡᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠬᠥᠯᠥᠨ ᠪᠣᠢᠷ ᠬᠣᠲᠠ᠎ᠶ᠋ᠢᠨ ᠨᠠᠮ᠎ᠤᠨ ᠬᠤᠷᠢᠶ᠎ᠠ᠎ᠶᠢᠨ ᠱᠦᠵᠢ ᠭᠤᠤ ᠷᠦᠨ ᠰᠢ ᠢᠯᠡᠳᠬᠡᠪᠡ᠃
ᠦᠪᠡᠳᠡᠭᠰᠢ ᠶᠡᠬᠡ ᠴᠤᠭᠯᠠᠭᠠᠨ ᠲᠠ ᠪᠢᠳᠡᠨ᠎ᠤ ᠵᠦᠭ ᠠᠢᠰᠤᠢ᠂ ᠣᠷᠣᠯᠴᠠᠭ᠍ᠴᠢ ᠪᠦᠬᠦᠨ᠎ᠦ ᠮᠥᠰᠥ᠍ ᠴᠠᠰᠤᠨ᠎ᠤ ᠶᠢᠷᠲᠢᠨᠴᠦ᠍᠎ᠳᠦ ᠥᠪᠡᠷ᠎ᠤᠨ ᠤᠷ᠎ᠠ ᠴᠢᠳᠠᠪᠤᠷᠢ ᠪᠠᠨ ᠭᠠᠢᠬᠠᠭᠤᠯᠵᠤ᠂ ᠥᠪᠡᠷ᠎ᠢ᠎ᠪᠡᠨ ᠢᠯᠠᠨ ᠳᠠᠪᠠᠵᠤ᠂ ᠭᠡᠷᠡᠯ ᠰᠠᠴᠤᠷᠠᠩᠭᠤᠢ ᠠᠮᠵᠢᠯᠲᠠᠡᠭᠦᠳᠬᠦ᠌ᠶ᠋ᠢ ᠬᠦᠰᠡᠨ ᠵᠦᠩᠨᠡᠶ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃