2024-02-14 12:26:03
ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠭᠤᠷᠪᠠᠨ᠎ᠳᠤ᠂ ᠦᠶᠤᠸᠠᠨ ᠱᠢᠶᠠᠨ᠎ᠤ ᠰᠠᠭᠤᠭᠠᠯᠢ ᠠᠷᠠᠳ ᠸᠠᠩ ᠬᠣᠩ ᠸᠧᠢ᠎ᠶ᠋ᠢᠨ ᠨᠢᠭᠡ ᠭᠡᠷ᠎ᠦᠨ 10 ᠬᠥᠮᠦᠨ ᠦᠶᠤᠸᠠᠨ᠎ᠤ ᠰᠠᠭᠤᠭ᠍ᠳᠠᠯ᠎ᠳᠤ ᠭᠦ᠋ ᠵᠢᠶᠦ᠋ᠨ ᠬᠤ᠌ ᠨᠠᠭᠤᠷ᠎ᠤᠨ ᠴᠠᠰᠤᠨ᠎ᠳᠤ ᠭᠤᠯᠭᠤᠬᠤ ᠲᠠᠯᠠᠪᠠᠢ᠎ᠳᠤ ᠣᠷᠣᠵᠤ᠂ ᠮᠦᠰᠦ ᠴᠠᠰᠤᠨ᠎ᠤ ᠵᠤᠭ᠎ᠠ ᠴᠡᠩᠭᠡᠯ᠎ᠢ ᠡᠳᠡᠯᠡᠨ ᠠᠮᠠᠷᠠᠯᠲᠠ᠎ᠶ᠋ᠢᠨ ᠬᠤᠭᠤᠴᠠᠭ᠎ᠠ ᠪᠠᠨ ᠥᠩᠭᠡᠷᠡᠭᠦᠯᠪᠡ᠃ 《ᠵᠢᠯ᠎ᠦᠨ ᠡᠮᠦᠨ᠎ᠡ ᠱᠢᠶᠠᠨ᠎ᠡᠴᠡ ᠬᠣᠶᠠᠳᠤᠭᠠᠷ ᠬᠤᠭᠤᠴᠠᠭᠠᠨ᠎ᠤ ᠮᠥᠰᠥ᠍ ᠴᠠᠰᠤᠨ᠎ᠤ ᠨᠠᠢᠷ ᠬᠢᠭ᠌ᠰᠡᠨ ᠪᠣᠯᠪᠠᠴᠤ᠌ ᠮᠠᠨ᠎ᠤ ᠬᠣᠶᠠᠭᠤᠯᠠ᠎ᠶ᠋ᠢᠨ ᠠᠵᠢᠯ ᠶᠠᠭᠠᠷᠠᠦ᠂ ᠨᠠᠰᠤᠲᠠᠨ ᠬᠡᠦᠬᠡᠨ᠎ᠢᠶᠡᠨ ᠳᠠᠭᠠᠭᠤᠯᠵᠤ ᠣᠴᠢᠬᠤ ᠵᠠᠪ ᠥᠬᠡᠶ ᠪᠠᠢᠯ᠎ᠠ᠃ ᠣᠲᠣ ᠴᠠᠭᠠᠨ ᠰᠠᠷ᠎ᠠ᠎ᠶ᠋ᠢᠨ ᠠᠮᠠᠷᠠᠯᠲᠠ᠎ᠪᠠᠷ ᠪᠢᠳᠡ ᠬᠡᠷ᠎ᠢᠶᠡᠷ᠎ᠢᠶᠡᠨ ᠴᠠᠰᠤᠨ᠎ᠳᠤ ᠭᠤᠯᠭᠤᠵᠤ᠂ ᠠᠳᠠᠯᠢ ᠪᠤᠰᠤ ᠴᠠᠭᠠᠨ ᠰᠠᠷ᠎ᠠ᠎ᠶ᠋ᠢᠨ ᠠᠭᠤᠷ ᠠᠮᠢᠰᠭᠤᠯ᠎ᠢ ᠡᠳ᠋ᠯᠡᠵᠦ ᠪᠠᠢᠨ᠎ᠠ!》 ᠬᠡᠵᠤ ᠸᠠᠩ ᠬᠣᠩ ᠸᠧᠢ ᠪᠠᠶᠠᠷᠲᠠᠢᠭᠡᠯᠡᠨᠡ᠃
ᠴᠠᠰᠤᠨ᠎ᠳᠤ ᠭᠤᠯᠭᠤᠬᠤ ᠲᠠᠯᠠᠪᠠᠢ᠎ᠳᠤ ᠬᠦᠮᠤᠨ ᠤ᠋ ᠲᠠᠯᠠᠢ ᠪᠤᠯᠵᠤ᠂ ᠵᠠᠷᠢᠮ ᠨᠢ ᠴᠠᠰᠤᠨ ᠴᠠᠭᠠᠷᠢᠭ ᠨᠠᠭᠠᠳᠴᠤ᠌᠂ ᠵᠠᠷᠢᠮ ᠨᠢ ᠴᠠᠰᠤᠨ ᠪᠠᠢᠯᠳᠤᠭᠠᠨ ᠬᠢᠵᠦ᠍᠂ ᠵᠠᠷᠢᠮ ᠨᠢ ᠴᠠᠰᠤᠨ ᠳᠡᠭᠡᠷᠡᠬᠢ ᠮᠣᠲ᠋ᠣᠷ ᠤᠨᠤᠵᠤ᠂ ᠵᠠᠷᠢᠮ ᠨᠢ ᠰᠡᠭᠦᠳᠡᠷ ᠲᠠᠲᠠᠵᠤ᠂ ᠬᠥᠷ ᠨᠠᠷᠭᠢᠶᠠᠨ᠎ᠢᠶᠠᠷ ᠪᠢᠯᠬᠠᠨ᠎ᠠ᠃ ᠴᠠᠰᠤᠨ ᠴᠠᠭᠠᠷᠢᠭ᠎ᠤᠨ ᠳᠠᠪᠠᠯᠭᠠᠨ ᠥᠭ᠌ᠰᠥᠬᠦ᠌ ᠳᠠᠭᠤᠨ᠂ ᠬᠥᠨᠳᠡᠯᠡᠨ ᠭᠤᠯᠳᠤ ᠭᠤᠯᠭᠤᠨ ᠪᠠᠶᠠᠰᠤᠨ ᠢᠨᠢᠶᠡᠬᠦ᠌ ᠳᠠᠭᠤᠨ ᠨᠢ ᠬᠠᠪᠤᠷ᠎ᠤᠨ ᠡᠳᠦᠷ᠎ᠦᠨ ᠦᠪᠡᠳᠡᠭ᠌ᠰᠢ ᠶᠡᠬᠡ ᠮᠥᠰᠥ᠍ ᠴᠠᠰᠤᠨ᠎ᠤ ᠨᠠᠢᠷᠠᠯ ᠬᠥᠭ᠌ᠵᠢᠮ᠎ᠢ ᠪᠦᠷᠢᠯᠳᠦᠭᠦᠯᠵᠡᠶ᠃ ᠴᠥᠭᠡᠨ ᠪᠤᠰᠤ ᠵᠢᠭᠤᠯᠴᠢᠯᠠᠬᠰᠠᠳ ᠥᠷᠯᠥᠭᠡ ᠡᠷᠲᠡ᠎ᠪᠡᠷ ᠮᠥᠩᠭᠥᠨ ᠴᠠᠭᠠᠨ ᠶᠢᠷᠲᠢᠨᠴᠦ᠍ ᠪᠡᠷ ᠵᠢᠭᠤᠯᠴᠢᠯᠠᠵᠤ᠂ ᠴᠡᠪᠡᠷ ᠠᠭᠠᠷ ᠠᠮᠢᠰᠭᠤᠵᠤ᠂ ᠮᠥᠰᠥ᠍ ᠴᠠᠰᠤᠨ᠎ᠳᠤ ᠬᠤᠴᠢᠭ᠍ᠳᠠᠭ᠍ᠰᠠᠨ ᠥᠪᠡᠷᠮᠢᠴᠡ ᠳᠤᠷ᠎ᠠ ᠰᠣᠨᠢᠷᠬᠠᠯ᠎ᠢ ᠡᠳ᠋ᠯᠡᠵᠦ᠍ ᠪᠠᠢᠯ᠎ᠠ᠃ 《ᠨᠤᠲᠤᠭ ᠤᠰᠤᠨ᠎ᠤ ᠬᠤᠪᠢᠷᠠᠯᠲᠠ ᠮᠠᠰᠢ ᠶᠡᠬᠡ᠂ ᠢᠯᠠᠩᠭᠤᠶ᠎ᠠ ᠡᠨᠡ ᠬᠦ᠌ ᠴᠠᠰᠤᠨ᠎ᠳᠤ ᠭᠤᠯᠭᠤᠬᠤ ᠲᠠᠯᠠᠪᠤᠷ ᠨᠢ ᠨᠠᠳᠠ᠎ᠳᠤ ᠮᠠᠰᠢ ᠰᠣᠨᠢᠷᠬᠠᠯᠲᠠᠶ ᠰᠠᠨᠠᠭ᠍ᠳᠠᠵᠤ᠂ ᠲᠣᠭᠣᠷᠢᠨ ᠨᠠᠭᠠᠳᠭᠤ ᠲᠥᠷᠥᠯ ᠵᠦᠶ᠋ᠯ ᠤᠯᠠᠳᠠᠵᠤ ᠮᠥᠰᠥ᠍ ᠴᠠᠰᠤᠨ᠎ᠤ ᠬᠠᠪᠤ ᠴᠡᠩᠭᠡᠯ᠎ᠢ ᠭᠦᠨᠵᠡᠭᠡᠶ ᠮᠡᠳᠡᠷᠡᠭᠦᠯᠤᠯᠠ》 ᠭᠡᠵᠦ᠍ ᠪᠡᠭᠡᠵᠢᠩ᠎ᠡᠴᠡ ᠨᠤᠲᠤᠭ᠎ᠲᠠᠭᠠᠨ ᠱᠢᠨᠡᠯᠡᠬᠦ᠌᠎ᠪᠡᠷ ᠢᠷᠡᠭᠰᠡᠨ ᠱᠢᠨ ᠮᠥ᠍ ᠷᠦᠩ ᠬᠡᠯᠡᠪᠠ᠃
《ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠤᠷᠢᠬᠠᠨ ᠰᠠᠯᠬᠢ ᠵᠢ ᠳᠠᠭᠠᠵᠦ ᠮᠠᠨ᠎ᠤ ᠱᠢᠶᠠᠨ᠎ᠤ ᠮᠥᠰᠥ᠍ ᠴᠠᠰᠤᠨ᠎ᠤ ᠵᠢᠭᠤᠯᠴᠢᠯᠠᠯ᠎ᠤᠨ ᠠᠵᠤ ᠦᠶ᠋ᠯᠡᠰ ᠴᠦ᠍ ᠬᠡᠷᠡᠯ ᠭᠢᠯᠪᠠᠭ᠎ᠠ᠎ᠪᠠᠨ ᠰᠠᠴᠤᠷᠠᠭᠤᠯᠵᠤ᠂ ᠤᠯᠠᠮ᠎ᠡᠴᠡ ᠣᠯᠠᠨ ᠰᠠᠭᠤᠭᠠᠯᠢ ᠠᠷᠠᠳ ᠬᠡᠷ᠎ᠡᠴᠡ᠎ᠪᠡᠨ ᠭᠠᠷᠴᠤ᠌ ᠮᠥᠰᠥ᠍ ᠴᠠᠰᠤᠨ᠎ᠤ ᠲᠣᠭ᠍ᠯᠠᠯᠲᠠ᠎ᠶ᠋ᠢ ᠰᠣᠨᠢᠷᠬᠠᠵᠤ᠂ ᠡᠯ᠎ᠡ ᠲᠥᠷᠥᠯ᠎ᠦᠨ ᠮᠥᠰᠥ᠍ ᠴᠠᠰᠤᠨ᠎ᠤ ᠬᠥᠳᠡᠯᠭᠡᠭᠡᠨ᠎ᠳᠦ ᠤᠷᠤᠯᠴᠠᠵᠦ ᠪᠠᠶᠠᠷ ᠬᠥᠷ᠎ᠲᠡᠶ ᠠᠮᠠᠷᠠᠯᠲᠠ᠎ᠶ᠋ᠢᠨ ᠬᠤᠭᠤᠴᠠᠭ᠎ᠠ᠎ᠶ᠋ᠢ ᠥᠩᠭᠡᠷᠡᠭᠦᠯᠵᠠᠢ》 ᠭᠡᠵᠦ᠍ ᠦᠶᠤᠸᠠᠨ ᠱᠢᠶᠠᠨ᠎ᠤ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶᠠᠨ᠎ᠤ ᠳᠠᠷᠤᠭ᠎ᠠ ᠯᠢ ᠱᠢᠤᠸᠠᠢ ᠴᠢᠨ ᠬᠡᠯᠡᠪᠡ᠃
ᠣᠢᠷ᠎ᠠ᠎ᠶ᠋ᠢᠨ ᠵᠢᠯ᠎ᠡᠴᠡ ᠨᠠᠭᠠᠰᠢ᠂ ᠪᠠᠶᠠᠨᠨᠠᠭᠤᠷ ᠬᠣᠲᠠ᠎ᠶ᠋ᠢᠨ ᠡᠯ᠎ᠡ ᠬᠣᠱᠢᠭᠤ ᠱᠢᠶᠠᠨ ᠲᠣᠭᠣᠷᠢᠭ ᠤ᠋ᠨ ᠬᠢᠨ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠡᠬᠢ ᠪᠠᠶᠠᠯᠢᠭ᠎ᠢ ᠶᠡᠬᠡᠪᠡᠷ ᠠᠭᠤᠳᠠᠯᠵᠤ᠂ ᠤᠯᠠᠮᠵᠢᠯᠠᠯᠲᠤ ᠣᠯᠠᠨ ᠶᠠᠩᠵᠤ᠎ᠶ᠋ᠢᠨ ᠵᠠᠩ ᠦᠶ᠋ᠯᠡ᠎ᠶ᠋ᠢ ᠠᠭᠤᠰᠤᠯᠴᠠᠭᠤᠯᠵᠤ᠂ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠵᠤ᠂ 〈ᠬᠦᠶ᠋ᠲᠡᠨ ᠡᠬᠢ ᠪᠠᠶᠠᠯᠢᠭ〉 ᠢ᠋ 〈ᠬᠠᠯᠠᠮᠱᠢᠯ ᠠᠵᠤ ᠠᠬᠤᠶ〉 ᠪᠣᠯᠭᠠᠨ ᠬᠤᠪᠢᠷᠠᠭᠤᠯᠵᠤ᠂ ᠵᠢᠭᠤᠯᠴᠢᠯᠠᠯ᠎ᠢᠶᠠᠷ ᠠᠵᠤ ᠦᠶ᠋ᠯᠡᠰ᠎ᠢ ᠳᠠᠢᠴᠢᠯᠠᠬᠤ᠂ ᠬᠥᠮᠦᠰ᠎ᠦᠨ ᠰᠤᠨᠢᠷᠬᠠᠯ ᠢ᠋ ᠲᠠᠳᠠᠬᠤ᠂ ᠠᠷᠠᠯᠵᠢᠶ᠎ᠠ ᠮᠠᠢᠮᠠᠢ᠎ᠶ᠋ᠢ ᠳᠠᠢᠴᠢᠯᠠᠬᠤ ᠶ᠋ᠢ ᠴᠢᠷᠮᠠᠢᠨ ᠪᠡᠶᠡᠯᠡᠭᠦᠯᠵᠦ᠍᠂ ᠥᠷᠭᠡᠨ ᠣᠯᠠᠨ ᠬᠣᠲᠠ᠎ᠶ᠋ᠢᠨ ᠠᠷᠠᠳ ᠪᠣᠯᠤᠨ ᠵᠢᠭᠤᠯᠴᠢᠯᠠᠭ᠍ᠰᠠᠳ᠎ᠲᠤ ᠮᠥᠰᠥ᠍ ᠴᠠᠰᠤᠨ᠎ᠤ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠤᠨ ᠬᠠᠢᠷ᠎ᠠ ᠰᠡᠳᠭᠢᠯᠭᠡ᠎ᠶ᠋ᠢ ᠭᠦᠶ᠋ᠴᠡᠳ ᠮᠡᠳᠡᠷᠡᠭᠦᠯᠵᠦ᠍᠂ ᠪᠠᠶᠠᠨᠨᠠᠭᠤᠷ᠎ᠤᠨ ᠨᠡᠷ᠎ᠡ ᠠᠯᠳᠠᠷᠱᠢᠯ ᠪᠠ ᠨᠥᠯᠥᠭᠡᠯᠡᠬᠦ᠌ ᠬᠦᠴᠦᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃