2024-02-15 20:52:30
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠣᠢᠷ᠎ᠠ ᠵᠠᠮ᠎ᠤᠨ ᠲᠦᠷᠭᠡᠨ ᠲᠡᠱᠢᠯᠲᠡ᠎ᠶ᠋ᠢᠨ ᠢᠯᠡ ᠳᠤᠭᠤᠢᠯᠠᠩ᠎ᠤᠨ ᠤᠷᠤᠯᠳᠤᠭᠠᠨ 2 ᠰᠠᠷ᠎ᠠ᠎ᠶ᠋ᠢᠨ 15 ᠤ ᠡᠳᠦᠷ ᠥᠪᠡᠷᠲᠡᠭᠡᠨ ᠵᠠᠰᠠᠬᠤ ᠣᠷᠣᠨ᠎ᠤ ᠮᠥᠰᠥᠨ ᠳᠡᠭᠡᠷᠡᠬᠢ ᠲᠠᠮᠢᠷ᠎ᠤᠨ ᠬᠥᠳᠡᠯᠭᠡᠭᠡᠨ᠎ᠦ ᠪᠣᠯᠪᠠᠰᠤᠷᠠᠯ᠎ᠤᠨ ᠲᠥᠪ᠎ᠦᠨ ᠣᠢᠷ᠎ᠠ ᠵᠠᠮ᠎ᠤᠨ ᠲᠦᠷᠭᠡᠨ ᠲᠡᠱᠢᠯᠲᠡ᠎ᠶ᠋ᠢᠨ ᠣᠷᠳᠣᠨ᠎ᠳᠤ ᠶᠠᠪᠤᠭ᠍ᠳᠠᠬᠤ ᠪᠡᠷ ᠪᠤᠢ᠃ 2 ᠰᠠᠷ᠎ᠠ᠎ᠶ᠋ᠢᠨ 14 ᠦ ᠡᠳᠦᠷ᠂ ᠤᠷᠤᠯᠳᠤᠭᠠᠨ᠎ᠳᠤ ᠣᠷᠣᠯᠴᠠᠬᠤ ᠡᠯ᠎ᠡ ᠡᠩᠨᠡᠭᠡ ᠤᠷᠤᠯᠳᠤᠭᠠᠨ᠎ᠤ ᠲᠠᠯᠠᠪᠤᠷ᠎ᠲᠤ ᠬᠦᠷᠦᠯᠴᠡᠨ ᠢᠷᠡᠵᠦ᠂ ᠤᠷᠤᠯᠳᠤᠭᠠᠨ᠎ᠠᠴᠠ ᠡᠮᠦᠨᠡᠬᠢ ᠮᠥᠰᠥᠨ ᠳᠡᠭᠡᠷᠡᠬᠢ ᠪᠣᠯᠪᠠᠰᠤᠷᠠᠯ ᠬᠢᠪᠡ᠃

ᠵᠢᠷᠤᠭ ᠪᠤᠯ ᠮᠠᠨ᠎ᠤ ᠤᠷᠤᠨ᠎ᠤ ᠭᠤᠷᠪᠠᠨ ᠲᠠᠮᠢᠷᠴᠢᠨ ᠪᠤᠯᠪᠠᠰᠤᠷᠠᠯ ᠬᠢᠵᠦ ᠪᠠᠢᠭ᠎ᠠ ᠨᠢ᠃
ᠣᠢᠷ᠎ᠠ ᠵᠠᠮ᠎ᠤᠨ ᠲᠦᠷᠭᠡᠨ ᠲᠡᠱᠢᠯᠲᠡ᠎ᠶ᠋ᠢᠨ ᠢᠯᠡ ᠳᠤᠭᠤᠢᠯᠠᠩ᠎ᠤᠨ ᠤᠷᠤᠯᠳᠤᠭᠠᠨ᠎ᠳᠤ ᠦᠪᠦᠷ ᠮᠤᠨᠭᠭᠤᠯ᠎ᠤᠨ ᠠᠨᠭᠭᠢ ᠰᠦᠩ ᠬᠦᠶ ᠱᠢᠤᠢ᠂ ᠯᠢᠨ ᠱᠢᠶᠠᠩ ᠴᠧ ᠪᠣᠯᠤᠨ ᠵᠦ᠍ ᠢᠦᠶ ᠵᠠᠩ ᠵᠡᠷᠭᠡ 3 ᠲᠠᠮᠢᠷᠴᠢᠨ᠎ᠢ ᠲᠣᠮᠢᠯᠠᠨ ᠣᠷᠣᠯᠴᠠᠭᠤᠯᠤᠨ᠎ᠠ᠃ ᠲᠤᠰ ᠡᠳᠦᠷ ᠥᠪᠥᠷ ᠮᠣᠩᠭᠣᠯ᠎ᠤᠨ ᠠᠩᠭᠢ᠂ ᠯᠢᠶᠣᠤᠨᠢᠩ᠎ᠤᠨ ᠠᠩᠭᠢ᠂ ᠱᠠᠨᠳᠦ᠋ᠩ᠎ᠦᠨ ᠠᠩᠭᠢᠬᠠᠮᠲᠤ ᠪᠡᠷ ᠪᠣᠯᠪᠠᠰᠤᠷᠠᠯ ᠬᠢᠪᠡ᠃
ᠬᠥᠯᠥᠨ ᠪᠣᠢᠷ ᠲᠦ᠍ ᠲᠦᠷᠦᠵᠦ ᠦᠰᠦᠭᠰᠡᠨ ᠲᠠᠮᠢᠷᠴᠢᠨ ᠯᠢᠨ ᠱᠢᠶᠠᠩ ᠴᠧ᠄ 《ᠲᠦᠷᠦᠭᠰᠡᠨ ᠨᠤᠲᠤᠭ᠎ᠲᠠᠭᠠᠨ ᠡᠨᠡ ᠬᠦ᠌ ᠶᠡᠭᠡ ᠤᠷᠤᠯᠳᠤᠭᠠᠨ᠎ᠳᠦ ᠤᠷᠤᠯᠴᠠᠬᠤ ᠪᠤᠯᠤᠭᠰᠠᠨ᠎ᠳᠠᠭᠠᠨ ᠰᠡᠳᠬᠢᠯ ᠮᠠᠰᠢ ᠦᠨᠳᠦᠷ ᠪᠠᠢᠨ᠎ᠠ᠂ ᠤᠷᠤᠯᠳᠤᠭᠠᠨ᠎ᠳᠦ ᠠᠮᠵᠢᠯᠲᠠ ᠤᠯᠬᠤ ᠢᠳᠡᠭᠡᠯ ᠲᠡᠭᠦᠯᠳᠡᠷ ᠪᠠᠢᠨ᠎ᠠ》 ᠭᠡᠵᠦ ᠪᠠᠶᠠᠷᠲᠠᠢᠬᠠᠨ ᠶᠠᠷᠢᠨ᠎ᠠ᠃
ᠵᠢᠷᠤᠭ \\ ᠵᠤᠬᠢᠶᠠᠯ᠄ ᠲᠤᠰ ᠰᠤᠨᠢᠨ᠎ᠤ ᠰᠤᠷᠪᠤᠯᠵᠢᠯᠠᠬᠴᠢ ᠴᠸᠨ ᠨᠠᠷᠠᠨᠳᠤᠨᠭᠭᠠᠯᠠᠭ ᠴᠤᠪᠤᠭᠤ ᠠᠯᠤᠰ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃