ᠰᠣᠶᠣᠯ ᠤᠷᠠᠯᠢᠭ > ᠠᠷᠪᠠᠨ ᠳᠥᠷᠪᠡᠳᠦᠭᠡᠷ ᠬᠤᠭᠤᠴᠠᠭᠠᠨ᠎ᠤ᠋ ᠡᠪᠦᠯ᠎ᠦ᠋ᠨ ᠤᠯᠠᠷᠢᠯ᠎ᠤ᠋ᠨ ᠲᠠᠮᠢᠷ᠎ᠤ᠋ᠨ ᠴᠤᠭᠯᠠᠭᠠᠨ

2024-02-15 13:12:21

ᠵᠣᠬᠢᠶᠠᠭ᠍ᠴᠢ᠄ ᠬᠠᠢ ᠵᠢᠶᠦᠢ᠍ᠨ ᠢᠳᠡᠷᠡᠬᠦᠨ ᠰᠠᠨᠰᠠᠷ ᠣᠩᠱᠢᠭ᠍ᠰᠠᠨ ᠣᠳᠠᠭ᠎ᠠ᠄ 3

ᠯᠢᠶᠠᠩᠴᠧᠩ ᠤᠷᠤᠯᠳᠤᠭᠠᠨ᠎ᠤ ᠲᠣᠭᠣᠷᠢᠭ ᠲᠦ᠍ 62 ᠲᠥᠯᠥᠭᠡᠯᠡᠭ᠌ᠴᠢᠳ᠎ᠦᠨ ᠠᠩᠭᠢ᠎ᠶ᠋ᠢᠨ 383 ᠲᠠᠮᠢᠷᠴᠢᠨ 38 ᠠᠯᠲᠠᠨ ᠮᠧᠳᠠᠯ ᠢ᠋ ᠮᠤᠢ᠍ᠷᠤᠢᠴᠡᠬᠦ ᠪᠤᠯᠤᠨ᠎ᠠ ᠤᠷᠤᠯᠳᠤᠭᠠᠨ᠎ᠤ ᠲᠦᠷᠦᠬᠦᠦ ᠡᠳᠦᠷ 2 ᠠᠯᠲᠠᠨ ᠮᠧᠳᠠᠯ ᠳᠤᠳᠤᠷᠠᠪᠠ

ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠤᠯᠠᠭᠠᠨᠴᠠᠪ᠎ᠤᠨ ᠯᠢᠶᠠᠩᠴᠧᠩ᠎ᠦᠨ ᠤᠷᠤᠯᠳᠤᠭᠠᠨ᠎ᠤ ᠲᠣᠭᠣᠷᠢᠭ᠎ᠲᠤ ᠤᠷᠤᠯᠳᠤᠭᠠᠨ ᠡᠬᠢᠯᠡᠬᠦ᠌ ᠶᠣᠰᠣᠯᠠᠯ 2 ᠰᠠᠷ᠎ᠠ᠎ᠶ᠋ᠢᠨ 13 ᠎ᠤ ᠡᠳᠦᠷ ᠶᠠᠪᠤᠭᠳᠠᠵᠦ᠂ 14᠎ᠦ ᠡᠳᠦᠷ ᠤᠷᠤᠯᠳᠤᠭᠠᠨ᠎ᠤ ᠲᠦᠷᠦᠬᠦᠦ ᠡᠳᠦᠷ 2 ᠠᠯᠲᠠᠨ ᠮᠧᠳᠠᠯ ᠳᠤᠳᠤᠷᠠᠪᠠ᠃

2 ᠰᠠᠷ᠎ᠠ᠎ᠶ᠋ᠢᠨ 14 ᠎ᠦ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠬᠡᠬᠡᠷ᠎ᠠ ᠵᠢᠨ ᠴᠠᠨᠠᠯᠠᠯᠲᠠ ᠵᠢᠨ ᠢᠯᠡ ᠲᠤᠭᠤᠢᠯᠠᠡᠭ ᠤ᠋ᠨ ᠡᠮᠡᠭ᠌ᠲᠡᠶ᠎ᠶ᠋ᠢᠨ ᠬᠤᠤᠰ ᠰᠠᠭᠠᠳ ᠲᠠᠪᠠᠬᠤ ︵7.5 ᠺᠢᠯᠣᠮᠧᠲ᠋ᠷ᠎ᠦᠨ ᠤᠯᠠᠮᠵᠢᠯᠠᠯᠲᠤ ᠮᠡᠷᠭᠡᠵᠢᠯ + 7.5 ᠺᠢᠯᠣᠮᠧᠲ᠋ᠷ᠎ᠦᠨ ᠴᠢᠯᠥᠭᠡᠲᠦ ᠮᠡᠷᠭᠡᠵᠢᠯ︶ ᠤᠷᠤᠯᠳᠤᠭᠠᠨ᠂ ᠡᠷᠡᠭ᠌ᠲᠡᠶ᠎ᠶ᠋ᠢᠨ ᠬᠤᠤᠰ ᠰᠠᠭᠠᠳ ᠲᠠᠪᠠᠬᠤ ︵15 ᠺᠢᠯᠣᠮᠧᠲ᠋ᠷ᠎ᠦᠨ ᠤᠯᠠᠮᠵᠢᠯᠠᠯᠲᠤ ᠮᠡᠷᠭᠡᠵᠢᠯ + 15 ᠺᠢᠯᠣᠮᠧᠲ᠋ᠷ᠎ᠦᠨ ᠴᠢᠯᠥᠭᠡᠲᠦ ᠮᠡᠷᠭᠡᠵᠢᠯ︶ ᠤᠷᠤᠯᠳᠤᠭᠠᠨ ᠯᠢᠶᠠᠩᠴᠧᠩ ᠴᠠᠨᠠᠯᠠᠯᠲᠠ ᠵᠢᠨ ᠲᠠᠯᠠᠪᠠᠶ᠎ᠳᠤ ᠡᠬᠢᠯᠡᠪᠡ᠃ ᠪᠥᠬᠥ᠌ ᠤᠯᠤᠰ᠎ᠤᠨ ᠡᠯ᠎ᠡ ᠲᠥᠯᠥᠭᠡᠯᠡᠭ᠌ᠴᠢᠳ᠎ᠦᠨ ᠠᠩᠭᠢ᠎ᠶ᠋ᠢᠨ 80 ᠲᠠᠮᠢᠷᠴᠢᠳ ᠤᠷᠤᠯᠳᠤᠭᠠᠨ ᠳ᠋ᠤ ᠤᠷᠤᠯᠴᠠᠨ᠂ ᠱᠢᠷᠦᠭᠦᠨ ᠥᠷᠢᠰᠥᠯᠳᠦᠭᠡᠨ᠎ᠢᠶᠡᠷ ᠳᠠᠮᠵᠢᠵᠦ᠂ ᠬᠠᠷᠠᠮᠥ᠋ᠷᠡᠨ᠎ᠦ ᠲᠥᠯᠥᠭᠡᠯᠡᠭ᠌ᠴᠢᠳ᠎ᠦᠨ ᠠᠩᠭᠢ᠎ᠶ᠋ᠢᠨ ᡂᠢ ᠴᠦᠨ ᠱᠢᠤᠸᠠᠢ ᠡᠮᠡᠭ᠌ᠲᠡᠶ᠎ᠶ᠋ᠢᠨ ᠬᠣᠣᠰ ᠰᠠᠭᠠᠳ ᠲᠠᠪᠠᠬᠤ ᠤᠷᠤᠯᠳᠤᠭᠠᠨ ᠤ᠋ ᠠᠯᠲᠠᠨ ᠮᠧᠳᠠᠯ᠎ᠢ ᠤᠯᠵᠦ᠂ ᠴᠦᠩᠴᠢᠩ᠎ᠦᠨ ᠲᠥᠯᠥᠭᠡᠯᠡᠭ᠌ᠴᠢᠳ᠎ᠦᠨ ᠠᠩᠭᠢ᠎ᠶ᠋ᠢᠨ ᠸᠠᠩ ᠴᠢᠶᠠᠩ ᠡᠷᠡᠭ᠌ᠲᠡᠶ᠎ᠶ᠋ᠢᠨ ᠬᠣᠣᠰ ᠰᠠᠭᠠᠳ ᠲᠠᠪᠠᠬᠤ ᠤᠷᠤᠯᠳᠤᠭᠠᠨ᠎ᠤ ᠠᠯᠲᠠᠨ ᠮᠧᠳᠠᠯ᠎ᠢ ᠣᠯᠵᠠᠶ᠃

ᠯᠢᠶᠠᠩᠴᠧᠩ ᠤᠷᠤᠯᠳᠤᠭᠠᠨ᠎ᠤ ᠲᠣᠭᠣᠷᠢᠭ ᠲᠦ᠍ ᠪᠥᠬᠥ᠌ ᠤᠯᠤᠰ᠎ᠤᠨ 62 ᠲᠥᠯᠥᠭᠡᠯᠡᠭ᠌ᠴᠢᠳ᠎ᠦᠨ ᠠᠩᠭᠢ᠎ᠶ᠋ᠢᠨ 383 ᠲᠠᠮᠢᠷᠴᠢᠨ ᠤᠷᠤᠯᠳᠤᠭᠠᠨ᠎ᠳᠤ ᠤᠷᠤᠯᠴᠠᠨ᠂ 2 ᠰᠠᠷ᠎ᠠ᠎ᠶ᠋ᠢᠨ 14 ᠎ᠦ ᠡᠳᠦᠷ᠎ᠡᠴᠡ 2 ᠰᠠᠷ᠎ᠠ᠎ᠶ᠋ᠢᠨ 26 ᠎ᠤ ᠡᠳᠦᠷ ᠪᠣᠯᠲᠠᠯ᠎ᠠ ᠬᠡᠭᠡᠷ᠎ᠡ᠎ᠶ᠋ᠢᠨ ᠴᠡᠨᠡᠯᠡᠯᠲᠡ᠂ ᠡᠪᠦᠯ᠎ᠦᠨ ᠤᠯᠠᠷᠢᠯ᠎ᠤᠨ ᠬᠣᠶᠠᠷ ᠲᠦᠷᠦᠯ᠂ ᠲᠠᠡᠭ ᠬᠠᠪᠳᠠᠰᠤ ᠵᠢᠨ ᠴᠡᠨᠡᠯᠡᠯᠲᠡ᠎ᠶ᠋ᠢᠨ ᠰᠠᠭᠠᠳ ᠳᠠᠪᠠᠬᠤ᠂ ᠴᠢᠯᠥᠭᠡᠲᠦ ᠮᠠᠶᠢᠭ ᠤ᠋ᠨ ᠴᠡᠨᠡᠯᠡᠯᠲᠡ᠎ᠶ᠋ᠢᠨ ᠰᠠᠭᠠᠳ ᠳᠠᠪᠠᠬᠤ 4 ᠵᠦᠶ᠋ᠯ᠎ᠦᠨ ᠤᠷᠤᠯᠳᠤᠭᠠᠨ ᠶᠠᠪᠤᠭᠤᠯᠵᠤ᠂ ᠨᠡᠢᠲᠡ 38 ᠠᠯᠲᠠᠨ ᠮᠧᠳᠠᠯ ᠳᠤᠳᠤᠷᠠᠬᠤ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面