ᠰᠣᠶᠣᠯ ᠤᠷᠠᠯᠢᠭ > ᠠᠷᠪᠠᠨ ᠳᠥᠷᠪᠡᠳᠦᠭᠡᠷ ᠬᠤᠭᠤᠴᠠᠭᠠᠨ᠎ᠤ᠋ ᠡᠪᠦᠯ᠎ᠦ᠋ᠨ ᠤᠯᠠᠷᠢᠯ᠎ᠤ᠋ᠨ ᠲᠠᠮᠢᠷ᠎ᠤ᠋ᠨ ᠴᠤᠭᠯᠠᠭᠠᠨ

2024-02-15 13:06:02

ᠵᠣᠬᠢᠶᠠᠭ᠍ᠴᠢ᠄ ​ᠯᠢ ᠺᠸ ᠱᠢᠨ ᠣᠩᠱᠢᠭ᠍ᠰᠠᠨ ᠣᠳᠠᠭ᠎ᠠ᠄ 3

ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠢ᠎ᠠ᠎ᠶ᠋ᠢᠨ ᠲᠣᠬᠣᠨᠢᠭᠤᠯᠬᠤ ᠳᠤᠭᠤᠢᠯᠠᠩ᠎ᠤᠨ ᠬᠢᠨ ᠬᠥᠯᠥᠨ ᠪᠤᠢ᠌ᠷ᠎ᠤᠨ ᠤᠷᠤᠯᠳᠤᠭᠠᠨ᠎ᠤ ᠲᠣᠭᠣᠷᠢᠭ᠎ᠲᠤ ᠬᠦᠷᠴᠦ᠍ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠰᠠᠢ᠌ᠨ ᠳᠤᠷᠠᠴᠤᠳ᠎ᠢ ᠲᠣᠬᠣᠨᠢᠭᠤᠯᠤᠭ᠍ᠰᠠᠨ ᠪᠥᠭᠡᠳ ᠴᠠᠭᠠᠨ ᠰᠠᠷ᠎ᠠ᠎ᠶ᠋ᠢᠨ ᠵᠥᠩᠨᠡᠯ ᠳᠡᠪᠱᠢᠭᠦᠯᠪᠡ᠃

ᠬᠠᠢᠯᠠᠷ ᠲᠣᠭᠣᠷᠢᠭ᠎ᠲᠤ᠂ ᠲᠣᠬᠣᠨᠢᠭᠤᠯᠬᠤ ᠳᠤᠭᠤᠢᠯᠠᠩ ᠤ᠋ᠨ ᠬᠢᠨ ᠲᠤᠰ ᠲᠤᠰ ᠬᠥᠯᠥᠨ ᠪᠤᠢ᠌ᠷ ᠳᠡᠭᠡᠳᠦ ᠰᠤᠷᠭᠠᠭᠤᠯᠢ᠂ ᠬᠥᠯᠥᠨ ᠪᠤᠢ᠌ᠷ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠬᠦᠷᠴᠦ᠍᠂ ᠰᠠᠢ᠌ᠨ ᠲᠤᠷᠠᠴᠤᠳ ᠪᠣᠯᠤᠨ ᠲᠠᠭᠠᠭᠤᠯᠤᠬ᠍ᠴᠢ ᠪᠠᠭ᠍ᠰᠢ᠎ᠨᠠᠷ᠎ᠲᠠᠶ ᠳᠣᠲᠣᠨᠣ᠎ᠪᠠᠷ ᠶᠠᠷᠢᠯᠴᠠᠵᠤ᠂ ᠰᠠᠢ᠌ᠨ ᠲᠤᠷᠠᠴᠤᠳ᠎ᠤᠨ ᠡᠳᠦᠷ ᠲᠤᠳᠤᠮ᠎ᠤᠨ ᠪᠣᠯᠪᠠᠰᠤᠷᠠᠯ᠂ ᠡᠪᠯᠡᠯ᠎ᠦᠨ ᠪᠠᠢᠭᠤᠯᠤᠯᠲᠠ᠎ᠶ᠋ᠢᠨ ᠠᠵᠢᠯ᠂ ᠠᠷᠤ ᠲᠠᠯ᠎ᠠ᠎ᠶ᠋ᠢᠨ ᠠᠵᠢᠯ᠎ᠤᠨ ᠪᠠᠲᠤᠯᠠᠭ᠎ᠠ ᠪᠣᠯᠤᠨ ᠴᠠᠭᠠᠨ ᠰᠠᠷ᠎ᠠ᠎ᠶ᠋ᠢᠨ ᠬᠤᠭᠤᠴᠠᠭᠠᠨ᠎ᠤ ᠠᠵᠢᠯ᠎ᠤᠨ ᠲᠤᠬᠢᠷᠠᠭᠤᠯᠤᠯᠳᠠ᠎ᠶ᠋ᠢ ᠨᠠᠷᠢᠨ ᠠᠰᠠᠭᠤᠭ᠍ᠰᠠᠨ ᠪᠥᠭᠡᠳ ᠰᠠᠢ᠌ᠨ ᠲᠤᠷᠠᠴᠤᠳ᠎ᠤᠨ ᠱᠢᠷᠭᠠᠭᠤ ᠴᠢᠷᠮᠠᠢᠯᠭ᠎ᠠ᠎ᠳᠤ ᠲᠠᠯᠠᠷᠬᠠᠵᠤ ᠪᠠᠢᠬᠤ᠎ᠪᠠᠨ ᠢᠯᠡᠳᠭᠡᠪᠡ᠃ ᠰᠠᠢᠨ ᠲᠤᠷᠠᠴᠤᠳ ᠎ᠢ ᠡᠷᠬᠡᠪᠰᠢ ᠪᠡᠶ᠎ᠡ ᠮᠠᠬᠠᠪᠣᠳ᠎ᠢᠶᠠᠨ ᠠᠩᠬᠠᠷᠴᠤ᠌᠂ ᠥᠪᠡᠷ᠎ᠢ᠎ᠪᠡᠨ ᠰᠠᠢᠲᠤᠷ ᠬᠠᠮᠠᠭᠠᠯᠠᠬᠤ ᠪᠣᠯ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠲᠡᠷᠢᠭᠦᠨ ᠴᠢᠬᠤᠯᠠ ᠤᠷᠢᠲᠠᠯ ᠮᠥᠨ ᠭᠡᠵᠦ᠍ ᠴᠢᠬᠤᠯᠠᠴᠢᠯᠠᠪᠠ᠃ ᠡᠭᠦᠨ᠎ᠦ ᠬᠠᠮᠲᠤ ᠰᠠᠢᠨ ᠲᠤᠷᠠᠴᠤᠳ᠎ᠢ《ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ》 ᠪᠣᠯ ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ᠎ᠤᠨ ᠦᠪᠡᠳᠡᠭ᠌ᠰᠢ ᠴᠤᠭ᠍ᠯᠠᠭᠠᠨ ᠮᠥᠨ᠂ ᠪᠠᠰᠠ ᠴᠤ᠌ ᠰᠠᠢᠨ ᠲᠤᠷᠠᠴᠤᠳ᠎ᠤᠨ ᠦᠪᠡᠳᠡᠭ᠌ᠰᠢ ᠴᠤᠭ᠍ᠯᠠᠭᠠᠨ ᠮᠥᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠳᠤ ᠦᠶ᠋ᠯᠡᠴᠢᠯᠡᠬᠦ᠌ ᠪᠣᠯ ᠰᠠᠢᠨ ᠲᠤᠷᠠᠴᠤᠳ᠎ᠤᠨ ᠣᠯᠳᠠᠬᠤᠶ᠎ᠠ ᠪᠡᠷᠬᠡ ᠠᠮᠢᠳᠤᠷᠠᠯ᠎ᠤᠨ ᠥᠩᠭᠡᠷᠡᠯᠲᠡ ᠪᠠ ᠦᠰᠦᠨ ᠪᠣᠢᠵᠢᠯᠲᠠ ᠮᠥᠨ᠂ ᠰᠠᠢᠨ ᠲᠤᠷᠠᠴᠤᠳ ᠴᠠᠭ ᠦᠶ᠎ᠡ᠎ᠶ᠋ᠢ ᠬᠥᠰᠡᠷᠳᠡᠭᠦᠯᠬᠦ᠌ ᠥᠬᠡᠶ᠂ ᠵᠠᠯᠠᠭᠤ ᠨᠠᠰᠤ᠎ᠪᠠᠨ ᠬᠥᠰᠡᠷᠳᠡᠭᠦᠯᠬᠦ᠌ ᠥᠬᠡᠶ ᠪᠠᠢᠵᠤ ᠂ ᠣᠲᠣ ᠦᠶ᠎ᠡ᠎ᠶ᠋ᠢᠨ ᠤᠶᠤᠲᠠᠳ᠎ᠤᠨ ᠵᠠᠯᠠᠭᠤ ᠨᠠᠰᠤᠨ᠎ᠤ ᠴᠣᠭ ᠵᠢᠪᠬᠤᠭ᠎ᠠ᠎ᠶ᠋ᠢ ᠢᠯᠡᠷᠡᠭᠦᠯᠳᠦᠭᠡᠢ ᠭᠡᠵᠦ᠍ ᠵᠣᠷᠢᠭ᠍ᠵᠢᠭᠤᠯᠪᠠ᠃

ᠰᠣᠯᠢᠯᠴᠠᠭ᠎ᠠ ᠳᠤᠮᠳᠠ᠂ ᠰᠠᠢᠨ ᠳᠤᠷᠠᠴᠤᠳ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ ᠳᠤᠮᠳᠠ ᠡᠭᠦᠷᠭᠡᠯᠡᠭ᠌ᠰᠡᠨ ᠠᠭᠤᠯᠭ᠎ᠠ ᠪᠠ ᠣᠢᠷ᠎ᠠ᠎ᠶ᠋ᠢᠨ ᠬᠤᠭᠤᠴᠠᠭᠠᠨ᠎ᠤ ᠰᠤᠷᠤᠯᠴᠠᠯᠭ᠎ᠠ ᠠᠮᠢᠳᠤᠷᠠᠯ᠎ᠤᠨ ᠪᠠᠢᠳᠠᠯ᠎ᠢᠶᠠᠨ ᠲᠠᠨᠢᠯᠴᠠᠭᠤᠯᠪᠠ᠃ ᠣᠯᠠᠨ᠎ᠢᠶᠠᠷ᠎ᠢᠶᠠᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠳᠤ ᠬᠤᠪᠢ ᠨᠡᠮᠡᠷᠢ ᠦᠵᠡᠭᠦᠯᠬᠦ᠌᠎ᠨᠢ ᠮᠠᠰᠢ ᠠᠵᠠ ᠵᠠᠪᠱᠢᠶᠠᠨ ᠮᠥᠨ᠂ ᠴᠣᠭ ᠪᠠᠳᠠᠷᠠᠩᠭᠤᠶ ᠲᠡᠮᠡᠴᠡᠯ᠎ᠦᠨ ᠵᠣᠷᠢᠭ ᠪᠠ ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯ᠎ᠳᠤ ᠣᠷᠣᠯᠴᠠᠵᠤ᠂ ᠡᠯ᠎ᠡ ᠵᠦᠶ᠋ᠯ᠎ᠦᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯ᠎ᠢ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠵᠠᠯᠠᠭᠤᠴᠤᠳ᠎ᠤᠨ ᠴᠣᠭ ᠪᠠᠳᠠᠷᠠᠩᠭᠤᠶ ᠵᠠᠯᠠᠭᠤ ᠨᠠᠰᠤᠨ᠎ᠤ ᠳᠦᠷᠰᠦ ᠪᠠᠢᠳᠠᠯ᠎ᠢ ᠢᠯᠡᠷᠡᠭᠦᠯᠦᠨ᠎ᠡ ᠭᠡᠵᠦ᠍ ᠢᠯᠡᠳᠭᠡᠵᠡᠭᠡᠪᠡ᠃

ᠡᠨᠡ ᠬᠤᠭᠤᠴᠠᠭᠠᠨ᠎ᠳᠤ᠂ ᠲᠣᠬᠣᠨᠢᠭᠤᠯᠬᠤ ᠳᠤᠭᠤᠢᠯᠠᠩ᠎ᠤᠨ᠎ᠬᠢᠨ ᠰᠤᠷᠤᠭ᠍ᠴᠢᠳ᠎ᠤᠨ ᠨᠡᠢᠲᠡ᠎ᠶ᠋ᠢᠨ ᠪᠠᠢᠷᠢ᠎ᠳᠤ ᠣᠷᠣᠵᠤ ᠰᠠᠢᠨ ᠲᠤᠷᠠᠴᠤᠳ᠎ᠤᠨ ᠬᠣᠨᠣᠭ᠎ᠤᠨ ᠪᠠᠢᠳᠠᠯ᠎ᠢ ᠣᠢᠯᠠᠭᠠᠵᠤ᠂ ᠬᠣᠭᠣᠯᠠᠨ ᠬᠡᠷ᠎ᠲᠦ ᠰᠠᠢᠨ ᠲᠤᠷᠠᠴᠤᠳ᠎ᠲᠠᠢ ᠬᠠᠮᠲᠤ᠎ᠪᠠᠷ ᠪᠠᠩᠰᠢ ᠪᠠᠷᠢᠵᠤ᠂ ᠬᠠᠮᠲᠤᠷᠠᠭ᠍ᠰᠠᠨ ᠨᠠᠢᠷ᠎ᠤᠨ ᠲᠣᠭ᠍ᠯᠠᠯᠲᠠ᠎ᠶ᠋ᠢ ᠰᠣᠨᠢᠷᠬᠠᠵᠤ᠂ ᠬᠦᠨ ᠵᠤᠵᠠᠭᠠᠨ ᠴᠠᠭᠠᠨ ᠰᠠᠷ᠎ᠠ᠎ᠶ᠋ᠢᠨ ᠠᠭᠤᠷ ᠠᠮᠢᠰᠭᠤᠯ᠎ᠢ ᠬᠠᠮᠲᠤ᠎ᠪᠠᠷ ᠦᠩᠬᠡᠷᠡᠬᠦᠯᠬᠦ ᠶ᠋ᠢᠨ ᠬᠠᠮᠲᠤ ᠴᠠᠭᠠᠨ ᠰᠠᠷ᠎ᠠ᠎ᠶ᠋ᠢᠨ ᠵᠥᠩᠨᠡᠯ ᠪᠠ ᠬᠠᠯᠠᠭᠤᠨ ᠳᠤᠯᠠᠭᠠᠨ ᠪᠡᠯᠡᠭ ᠬᠦᠷᠭᠡᠪᠡ᠃ ᠡᠭᠦᠨ᠎ᠦ ᠬᠠᠮᠲᠤ᠂ ᠰᠠᠢᠨ ᠳᠤᠷᠠᠴᠤᠳ ᠎ᠢ ᠲᠣᠮᠢᠯᠠᠭ᠍ᠰᠠᠨ ᠶᠡᠬᠡ ᠳᠡᠭᠡᠳᠦ ᠰᠤᠷᠭᠠᠭᠤᠯᠢ᠎ᠵᠢᠨ ᠬᠢᠨ᠎ᠳᠦ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠰᠤᠷᠭᠠᠭᠤᠯᠢ᠎ᠳᠠᠭᠠᠨ ᠦᠯᠡᠳᠡᠭ᠌ᠰᠡᠨ ᠰᠠᠢᠨ ᠳᠤᠷᠠᠴᠤᠳ ᠤ᠋ᠨ ᠡᠳ᠋ ᠪᠣᠳᠠᠰ᠎ᠤᠨ ᠬᠠᠩᠭᠠᠯᠭ᠎ᠠ ᠪᠠ ᠪᠠᠲᠤᠯᠠᠭ᠎ᠠ᠎ᠶ᠋ᠢ ᠠᠯᠢ ᠴᠢᠳᠠᠬᠤ᠎ᠪᠠᠷ ᠪᠠᠲᠤᠯᠠᠵᠤ᠂ ᠰᠤᠷᠤᠭ᠍ᠴᠢᠳ᠎ᠲᠤ ᠬᠠᠢᠷ᠎ᠠ ᠬᠠᠯᠠᠮᠵᠢ ᠬᠦᠷᠲᠡᠭᠡᠵᠤ᠂ ᠰᠠᠢᠨ ᠳᠤᠷᠠᠴᠤᠳ ᠤ᠋ᠨ ᠤᠰᠤ ᠴᠠᠬᠢᠯᠭᠠᠨ ᠬᠡᠷᠡᠭ᠌ᠯᠡᠬᠦ᠌ ᠪᠠ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠮᠤᠷ ᠲᠦᠪᠱᠢᠨ᠎ᠢ ᠣᠨᠴᠠᠭᠠᠢᠯᠠᠨ ᠠᠩᠬᠠᠷᠴᠤ᠌᠂ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠬᠤ ᠬᠡᠷᠡᠭ᠌ᠲᠡᠶ ᠭᠡᠵᠦ᠍ ᠵᠠᠬᠢᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面