2024-02-15 13:09:16
2 ᠰᠠᠷ᠎ᠠ᠎ᠶ᠋ᠢᠨ 14 ᠤ᠋ ᠡᠳᠦᠷ᠂ ᠦᠭᠡᠷ᠎ᠠ ᠪᠠᠷ ᠬᠡᠯᠡᠪᠡᠯ ᠪᠢᠯᠢᠭ᠎ᠦᠨ ᠤᠯᠠᠷᠢᠯ᠎ᠤᠨ ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠳᠤ ᠵᠠᠯᠠᠨ ᠠᠢᠯ᠎ᠤᠨ ᠵᠢᠨ ᠯᠦᠩ ᠱᠠᠨ ᠴᠠᠨᠠᠯᠠᠯᠳᠠ ᠵᠢᠨ ᠲᠠᠯᠠᠪᠠᠢ ᠳ᠋ᠤ ᠪᠡᠭᠡᠵᠢᠩ᠂ ᠬᠢᠷᠢᠨ᠂ ᠬᠠᠷᠠᠮᠥ᠋ᠷᠡᠨ᠂ ᠯᠢᠶᠣᠤᠨᠢᠩ ᠵᠡᠷᠭᠡ ᠪᠦᠬᠦ᠌ ᠤᠯᠤᠰ᠎ᠤᠨ ᠡᠯ᠎ᠡ ᠭᠠᠵᠠᠷ᠎ᠡᠴᠡ ᠢᠷᠡᠭ᠌ᠰᠡᠨ ᠲᠠᠮᠢᠷᠴᠢᠳ ᠪᠦᠬᠦ᠌ ᠬᠦᠴᠦᠨ᠎ᠢᠶᠡᠷ᠎ᠢᠶᠡᠨ ᠤᠷᠤᠯᠳᠤᠭᠠᠨ᠎ᠳᠤ ᠪᠡᠯᠡᠳᠭᠡᠵᠦ᠍᠂ ᠡᠴᠦᠰ᠎ᠦᠨ ᠱᠢᠪᠲᠤᠯᠤᠯᠲᠠ᠎ᠶ᠋ᠢᠨ ᠱᠠᠲᠤᠨ᠎ᠳᠤ ᠣᠷᠣᠵᠤ᠂ ᠡᠨᠡ ᠤᠳᠠᠭ᠎ᠠ ᠵᠢᠨ ᠮᠥᠰᠥ᠍ ᠴᠠᠰᠤᠨ᠎ᠤ ᠦᠪᠡᠳᠡᠭ᠌ᠰᠢ ᠶᠡᠬᠡ ᠴᠤᠬᠯᠠᠭᠠᠨ᠎ᠳᠤ ᠴᠤᠭ ᠵᠢᠪᠬᠤᠭ᠎ᠠ᠎ᠪᠠᠨ ᠪᠠᠳᠠᠷᠠᠭᠤᠯᠬᠤ᠎ᠪᠠᠷ ᠴᠢᠷᠮᠠᠢᠵᠤ ᠪᠠᠢᠨ᠎ᠠ᠃
ᠲᠣᠰ ᠡᠳᠦᠷ᠂ ᠴᠢᠯᠥᠭᠡᠲᠦ ᠮᠠᠶᠢᠭ᠎ᠤᠨ ᠴᠠᠨᠠᠯᠠᠯᠳᠠ ᠵᠢᠨ ᠤᠷ᠎ᠠ ᠮᠡᠷᠭᠡᠵᠢᠯ᠎ᠦᠨ ᠤᠷᠤᠯᠳᠤᠭᠠᠨ ᠤ᠋ ᠲᠠᠮᠢᠷᠴᠢᠳ ᠥᠪᠡᠷ ᠥᠪᠡᠷ᠎ᠦᠨ ᠰᠤᠷᠭᠠᠬᠴᠢ᠎ᠶ᠋ᠢᠨ ᠬᠦᠯᠢᠴᠡᠩᠭᠦᠶ ᠵᠢᠯᠣᠭᠣᠳᠣᠯᠭ᠎ᠠ ᠳᠤᠤᠷ᠎ᠠ᠂ ᠬᠥᠳᠡᠯᠭᠡᠭᠡᠨ ᠪᠦᠷᠢ᠎ᠶ᠋ᠢ ᠨᠠᠷᠢᠨ ᠬᠢᠨᠠᠮᠠᠭᠠᠶ ᠪᠡᠶᠡᠯᠡᠭᠦᠯᠵᠦ᠍᠂ ᠱᠢᠨ᠎ᠡ ᠬᠦᠴᠢᠷ ᠪᠡᠷᠬᠡᠱᠢᠶᠡᠯ᠎ᠦᠨ ᠥᠷᠢᠰᠥᠯᠳᠦᠭᠡᠨ᠎ᠢ ᠲᠠᠰᠤᠷᠠᠯᠲᠠ ᠥᠬᠡᠶ ᠲᠤᠷᠱᠢᠪᠠ᠃ ᠭᠢᠷᠢᠨ᠎ᠦ ᠲᠠᠮᠢᠷᠴᠢᠨ ᠵᠠᠩ ᠬᠤᠤ ᠰᠤᠷᠪᠤᠯᠵᠢᠯᠠᠭ᠍ᠴᠢ᠎ᠳᠤ᠂ ᠪᠢ ᠵᠠᠯᠠᠨ ᠠᠢᠯ᠎ᠳᠤ ᠱᠢᠨᠡᠯᠡᠭᠰᠡᠨ᠂ ᠮᠠᠰᠢ ᠰᠠᠢᠨ ᠰᠠᠨᠠᠭ᠍ᠳᠠᠵᠤ ᠪᠠᠢᠨ᠎ᠠ᠃ ᠵᠢᠨ ᠯᠦᠩ ᠱᠠᠨ ᠤ᠋ ᠴᠠᠨᠠᠯᠠᠯᠳᠠ ᠵᠢᠨ ᠲᠠᠯᠠᠪᠠᠢ᠎ᠶ᠋ᠢᠨ ᠴᠠᠰᠤᠨ ᠴᠢᠨᠠᠷ ᠨᠢ ᠨᠡᠯᠢᠶᠡᠳ ᠵᠦᠭᠡᠷ᠂ ᠣᠷᠴᠢᠮ ᠤ᠋ᠨ ᠠᠭᠠᠷ᠎ᠤᠨ ᠳᠤᠯᠠᠭᠠᠨ ᠲᠣᠬᠢᠷᠠᠮᠵᠢᠲᠠᠶ᠂ ᠲᠠᠮᠢᠷᠴᠢᠳ᠎ᠤᠨ ᠤᠷᠤᠯᠳᠤᠭᠠᠨ᠎ᠳᠤ ᠪᠡᠯᠡᠳᠭᠡᠬᠦ᠌ ᠪᠠ ᠤᠷᠤᠯᠳᠤᠬᠤ᠎ᠳᠤ ᠠᠱᠢᠭ᠍ᠲᠠᠶ ᠶᠤᠮ ᠬᠡᠵᠤ ᠬᠡᠯᠡᠪᠡ᠃ ᠮᠢᠨᠤ ᠤᠳᠤᠬᠠᠨ ᠤ᠋ ᠪᠠᠢᠳᠠᠯ ᠮᠠᠰᠢ ᠰᠠᠢᠨ᠂ ᠤᠷᠤᠯᠳᠤᠭᠠᠨ᠎ᠳ᠋ᠤ ᠰᠠᠢᠨ ᠬᠢᠷᠢ ᠪᠦᠲᠦᠮᠵᠢ ᠣᠯᠬᠤ᠎ᠪᠠᠷ ᠴᠢᠷᠮᠠᠢᠵᠤ ᠪᠠᠢᠨ᠎ᠠ ᠬᠡᠪᠡ᠃ ᠪᠡᠭᠡᠵᠢᠩ᠎ᠦᠨ ᠲᠠᠮᠢᠷᠴᠢᠨ ᠸᠧᠢ ᠬᠤᠤ ᠷᠠᠨ᠄ 《 ᠵᠠᠯᠠᠨ ᠠᠢᠯ᠎ᠤᠨ ᠬᠥᠮᠦᠰ ᠮᠠᠰᠢ ᠬᠠᠯᠠᠭᠤᠮᠰᠤᠭ᠂ ᠡᠨᠳᠡᠬᠢ ᠬᠣᠭᠣᠯᠠ ᠪᠤᠳᠠᠭ᠎ᠠ ᠶᠡᠬᠡ ᠠᠮᠲᠠᠲᠠᠢ᠂ ᠭᠡᠷ᠎ᠲᠡᠬᠡᠨ ᠪᠠᠢᠬᠤ ᠰᠢᠬ᠂ ᠤᠷᠤᠯᠳᠤᠭᠠᠨ᠎ᠤ ᠲᠠᠯᠠᠪᠤᠷ᠎ᠲᠤ ᠬᠠᠮᠤᠭ᠎ᠤᠨ ᠰᠠᠢ᠌ᠨ ᠪᠠᠢᠳᠠᠯ᠎ᠢᠶᠠᠨ ᠢᠯᠡᠷᠡᠭᠦᠯᠬᠦ᠌᠎ᠪᠡᠷ ᠴᠢᠷᠮᠠᠢᠨ᠎ᠠ》 ᠬᠡᠵᠤ ᠬᠡᠯᠡᠪᠡ᠃
《ᠮᠠᠨ ᠤ᠋ ᠠᠩᠬᠢ ᠵᠢᠨ ᠬᠢᠨ ᠵᠠᠯᠠᠨ ᠠᠢᠯ᠎ᠳᠤ ᠬᠡᠡᠭ ᠬᠤᠭᠤᠴᠠᠭ᠎ᠠ ᠪᠤᠯᠪᠠᠰᠤᠷᠠᠵᠤ ᠪᠠᠢᠨ᠎ᠠ᠂ ᠵᠢᠨ ᠯᠦᠩ ᠱᠠᠨ ᠤ᠋ ᠴᠠᠨᠠᠯᠠᠯᠳᠠ ᠵᠢᠨ ᠲᠠᠯᠠᠪᠠᠢ ᠵᠢᠨ ᠬᠢᠨ ᠮᠠᠰᠢ ᠶᠡᠬᠡ ᠳᠡᠮᠵᠢᠯᠭᠡ ᠦᠵᠡᠭᠦᠯᠪᠡ᠂ ᠢᠯᠠᠩᠭᠤᠶ᠎ᠠ ᠪᠢᠲᠡᠭᠦᠨ᠎ᠦ ᠡᠳᠦᠷ᠂ ᠵᠢᠨ ᠯᠦᠩ ᠱᠠᠨ ᠤ ᠴᠠᠨᠠᠯᠠᠯᠳᠠ ᠵᠢᠨ ᠲᠠᠯᠠᠪᠠᠢ᠎ᠶ᠋ᠢᠨ ᠠᠵᠢᠯᠲᠠᠳ ᠴᠦᠮ ᠠᠮᠠᠷᠠᠭ᠍ᠰᠠᠨ ᠦᠭᠡᠢ᠂ ᠡᠨᠡ ᠨᠢ ᠪᠢᠳᠡᠨ᠎ᠢ ᠮᠠᠰᠢ ᠳᠣᠭ᠍ᠳᠣᠯᠤᠭᠤᠯᠵᠤ᠂ ᠠᠵᠢᠯᠲᠠᠨ᠎ᠤ ᠴᠢᠷᠮᠠᠢᠯᠭ᠎ᠠ᠎ᠳᠤ ᠲᠠᠯᠠᠷᠬᠠᠵᠤ ᠪᠠᠢᠨ᠎ᠠ᠃ ᠵᠠᠯᠠᠨ ᠠᠢᠯ ᠬᠣᠲᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠤ᠋ᠨ ᠬᠢᠨ ᠴᠥᠮ ᠮᠠᠰᠢ ᠬᠠᠯᠠᠭᠤᠮᠰᠤᠭ ᠪᠠᠢᠵᠤ᠂ ᠤᠷᠤᠯᠳᠤᠭᠠᠨ ᠳ᠋ᠤ ᠪᠦᠬᠦ᠌ ᠲᠠᠯ᠎ᠠ᠎ᠶ᠋ᠢᠨ ᠳᠡᠮᠵᠢᠯᠭᠡ᠂ ᠪᠦᠬᠦ᠌ ᠲᠠᠯ᠎ᠠ᠎ᠶ᠋ᠢᠨ ᠪᠠᠲᠤᠯᠠᠭ᠎ᠠ ᠬᠠᠨᠭᠭᠠᠵᠠᠢ᠂ ᠡᠢᠮᠦ᠍ ᠡᠶ᠎ᠡ ᠡᠪ᠎ᠲᠡᠶ ᠠᠭᠤᠷ ᠠᠮᠢᠰᠭᠤᠯ ᠳ᠋ᠤ ᠲᠠᠮᠢᠷᠴᠢᠳᠮᠠᠨᠢ ᠰᠢᠨ᠎ᠠ ᠰᠢᠪᠳᠤᠯᠤᠯᠳᠠ᠂ ᠰᠠᠢᠨ ᠬᠢᠷᠢ ᠪᠦᠲᠦᠮᠵᠢ ᠣᠯᠬᠤ᠎ᠶ᠋ᠢ ᠬᠦᠰᠡᠵᠦ᠍ ᠪᠠᠢᠨ᠎ᠠ》 ᠬᠡᠵᠤ ᠭᠢᠷᠢᠨ᠎ᠦ ᠠᠩᠭᠢ᠎ᠶ᠋ᠢᠨ ᠰᠤᠷᠭᠠᠬᠴᠢ ᠨᠢᠩ ᠴᠢᠨ ᠬᠡᠯᠡᠪᠡ᠃
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠠᠵᠠ ᠲᠣᠬᠢᠶᠠᠯ᠎ᠢ ᠠᠱᠢᠭ᠍ᠯᠠᠨ᠂ ᠵᠠᠯᠠᠨ ᠠᠢᠯ ᠬᠣᠲᠠ ᠵᠢᠨ ᠬᠢᠨ ᠮᠥᠰᠥ᠍ ᠴᠠᠰᠤᠨ᠎ᠤ ᠬᠥᠳᠡᠯᠭᠡᠭᠡᠨ᠎ᠢ ᠢᠳᠡᠪᠬᠢᠲᠡᠶ ᠥᠷᠨᠢᠭᠦᠯᠵᠦ᠍᠂ ᠠᠷᠠᠳ ᠣᠯᠠᠨ᠎ᠤ ᠪᠡᠶ᠎ᠡ᠎ᠶ᠋ᠢᠨ ᠲᠠᠮᠢᠷ᠎ᠤᠨ ᠪᠡᠶ᠎ᠡ ᠴᠢᠭᠢᠷᠠᠭ᠍ᠵᠢᠭᠤᠯᠬᠤ ᠬᠠᠯᠠᠭᠤᠨ ᠰᠡᠳᠭᠢᠯᠭᠡ᠎ᠶ᠋ᠢ ᠬᠥᠭ᠌ᠵᠢᠭᠡᠵᠦ᠍᠂ ᠪᠥᠬᠥ᠌ ᠬᠣᠲᠠ᠎ᠶ᠋ᠢᠨ ᠮᠥᠰᠥ᠍ ᠴᠠᠰᠤᠨ᠎ᠤ ᠬᠥᠳᠡᠯᠭᠡᠭᠡᠨ᠎ᠦ ᠴᠢᠨᠠᠷ ᠰᠠᠢᠲᠠᠶ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠪᠠ᠃ ᠣᠢᠯᠠᠭᠠᠭ᠍ᠰᠠᠨ᠎ᠢᠶᠠᠷ᠂ ᠣᠢᠷ᠎ᠠ᠎ᠶ᠋ᠢᠨ ᠵᠢᠯ᠎ᠳᠦ ᠵᠠᠯᠠᠨ ᠠᠢᠯ ᠬᠣᠲᠠ ᠵᠢᠨ ᠬᠢᠨ ᠤᠯᠤᠰ᠎ᠤᠨ ᠡᠪᠦᠯ᠎ᠦᠨ ᠤᠯᠠᠷᠢᠯ᠎ᠤᠨ ᠲᠥᠷᠥᠯ ᠵᠦᠶ᠋ᠯ᠎ᠦᠨ ᠲᠡᠷᠢᠭᠦᠨ ᠲᠠᠰ᠎ᠤᠨ ᠤᠷᠤᠯᠳᠤᠭᠠᠨ᠎ᠢ ᠵᠠᠯᠭᠠᠭ᠎ᠠ᠎ᠪᠠᠷ ᠳᠠᠭᠠᠭᠠᠨ ᠡᠷᠭᠢᠯᠡᠵᠦ᠍᠂ ᠤᠯᠤᠰ᠎ᠤᠨ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ᠎ᠡᠴᠡ ᠤᠯᠤᠰ᠎ᠤᠨ ᠴᠠᠨᠠᠯᠠᠯᠳᠠ ᠵᠢᠨ ᠠᠩᠭᠢ᠎ᠶ᠋ᠢᠨ ᠪᠣᠯᠪᠠᠰᠤᠷᠠᠯ᠎ᠤᠨ ᠰᠠᠭᠤᠷᠢᠨ ᠭᠠᠵᠠᠷ᠎ᠢᠶᠠᠷ ᠨᠡᠷᠡᠢᠳᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃