ᠰᠣᠶᠣᠯ ᠤᠷᠠᠯᠢᠭ > ᠠᠷᠪᠠᠨ ᠳᠥᠷᠪᠡᠳᠦᠭᠡᠷ ᠬᠤᠭᠤᠴᠠᠭᠠᠨ᠎ᠤ᠋ ᠡᠪᠦᠯ᠎ᠦ᠋ᠨ ᠤᠯᠠᠷᠢᠯ᠎ᠤ᠋ᠨ ᠲᠠᠮᠢᠷ᠎ᠤ᠋ᠨ ᠴᠤᠭᠯᠠᠭᠠᠨ

2024-02-15 12:31:56

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠡᠪᠦᠯ᠎ᠦᠨ ᠤᠯᠠᠷᠢᠯ ᠪᠣᠯᠬᠤ᠎ᠳᠤ᠂ ᠥᠪᠥᠷ ᠮᠣᠩᠭᠣᠯ᠎ᠤᠨ ᠡᠯ᠎ᠡ ᠭᠠᠵᠠᠷ ᠲᠤ᠌ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠡᠬᠢᠯᠡᠬᠦ᠌᠎ᠶ᠋ᠢ ᠤᠭ᠍ᠲᠤᠬᠤ ᠪᠠᠶᠠᠷᠲᠤ ᠠᠭᠤᠷ ᠠᠮᠢᠰᠭᠤᠯ᠎ᠢᠶᠠᠷ ᠪᠢᠯᠬᠠᠪᠠ᠂ ᠡᠭᠦᠨ᠎ᠢ ᠳᠠᠭᠠᠯᠳᠤᠨ ᠮᠠᠨ᠎ᠤ ᠣᠷᠣᠨ᠎ᠤ ᠡᠯ᠎ᠡ ᠭᠠᠵᠠᠷ ᠲᠤ᠌ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠬᠠᠯᠠᠭᠤᠨ ᠦᠷᠨᠢᠯᠲᠠ ᠭᠠᠷᠤᠭᠰᠠᠨ ᠪᠠᠢᠨ᠎ᠠ᠃ ᠮᠥᠰᠥ᠍ ᠴᠠᠰᠤ ᠰᠤᠨᠢᠷᠬᠠᠬᠤ᠂ ᠤᠷᠤᠯᠳᠤᠭᠠᠨ ᠮᠦᠷᠦᠢᠴᠡᠭᠡᠨ᠂ ᠤᠯᠠᠨ ᠲᠦᠮᠡᠨ᠎ᠦ ᠬᠦᠳᠡᠯᠭᠡᠭᠡᠨ ᠁ ᠮᠥᠰᠥ᠍ ᠴᠠᠰᠤᠨ᠎ᠤ ᠷᠢᠳᠢ ᠱᠢᠳᠢ᠎ᠪᠡᠷ ᠠᠵᠤ ᠠᠬᠤᠢ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠤᠮᠠᠷᠠᠲᠤ ᠬᠢᠯᠢ᠎ᠶ᠋ᠢᠨ ᠡᠬᠡ ᠭᠠᠵᠠᠷ᠎ᠤᠨ ᠡᠪᠦᠯ ᠬᠦᠷ ᠬᠥᠭ᠌ᠵᠢᠶᠡᠨ᠎ᠲᠡᠶ ᠪᠠᠢᠯ᠎ᠠ᠃

ᠮᠥᠰᠥ᠍ ᠴᠠᠰᠤᠨ᠎ᠤ ᠠᠵᠤ ᠠᠬᠤᠢ᠎ᠶ᠋ᠢᠨ ᠬᠠᠯᠠᠮᠱᠢᠯ ᠪᠦᠷᠢᠨ ᠨᠡᠭᠡᠭᠡᠭ᠌ᠳᠡᠪᠡ

ᠤᠢᠷ᠎ᠠ ᠳ᠋ᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠣᠢᠷᠠᠲᠤᠬᠤ᠎ᠶ᠋ᠢ ᠳᠠᠭᠠᠯᠳᠤᠨ᠂ ᠦᠬᠠᠶ ᠨᠠᠭᠤᠷ᠎ᠤᠨ ᠬᠥᠪᠡᠭᠡᠨ᠎ᠳᠦ ᠪᠠᠢᠷᠢᠯᠠᠵᠤ ᠪᠠᠢᠭ᠎ᠠ ᠦᠬᠠᠶ᠎ᠶ᠋ᠢᠨ ᠮᠥᠰᠥ᠍ ᠴᠠᠰᠤᠨ᠎ᠤ ᠶᠢᠷᠲᠢᠨᠴᠦ᠍ ᠴᠦ᠍ ᠨᠢᠭᠡ ᠵᠢᠯ᠎ᠦᠨ ᠬᠥᠭ᠌ᠵᠢᠶᠡᠨᠲᠦ ᠤᠯᠠᠷᠢᠯ᠎ᠢᠶᠠᠨ ᠤᠭ᠍ᠲᠤᠨ ᠠᠪᠤᠯ᠎ᠠ᠂ ᠬᠣᠲᠠ᠎ᠶ᠋ᠢᠨ ᠠᠷᠠᠳ ᠬᠣᠢᠨ᠎ᠠ ᠬᠣᠢᠨ᠎ᠠ᠎ᠡᠴᠡ᠎ᠪᠠᠨ ᠡᠨᠳᠡ ᠬᠦᠷᠦᠯᠴᠡᠨ ᠢᠷᠡᠵᠦ᠍ ᠴᠠᠰᠤ ᠴᠡᠨᠡᠯᠡᠵᠦ᠍᠂ ᠮᠥᠰᠥ᠍ ᠲᠡᠱᠢᠵᠦ᠍᠂ ᠦᠬᠠᠶ᠎ᠶ᠋ᠢᠨ ᠡᠪᠦᠯ᠎ᠦᠨ ᠤᠯᠠᠷᠢᠯ᠎ᠤᠨ ᠦᠪᠡᠷᠮᠢᠴᠡ ᠭᠤᠢᠲᠠ ᠰᠠᠢᠬᠠᠨ᠎ᠢ ᠮᠡᠳᠡᠷᠡᠨ᠎ᠡ᠃

ᠬᠥᠮᠦᠰ ᠴᠠᠰᠤᠨ ᠵᠠᠮ ᠳᠡᠭᠡᠭᠦᠷ ᠨᠠᠭᠠᠰᠢ ᠴᠠᠭᠠᠰᠢ ᠵᠦᠷᠢᠯᠳᠦᠵᠦ᠂ ᠱᠢᠨ᠎ᠡ᠎ᠪᠡᠷ ᠪᠠᠢᠭᠤᠯᠤᠭ᠍ᠰᠠᠨ ᠭᠡᠷ ᠳᠣᠲᠣᠷᠠᠬᠢ ᠮᠥᠰᠥ᠍ ᠲᠡᠱᠢᠬᠦ᠌ ᠲᠠᠯᠠᠪᠠᠢ᠎ᠳᠤ ᠭᠤᠯᠭᠤᠵᠤ᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠠᠪᠴᠢᠷᠠᠭ᠍ᠰᠠᠨ ᠬᠤᠷᠳᠤᠴᠠ ᠪᠠ ᠣᠷᠭᠢᠯᠤᠮ᠎ᠠ ᠰᠡᠳᠭᠢᠯᠭᠡ᠎ᠶ᠋ᠢ ᠡᠳ᠋ᠯᠡᠵᠦ᠍ ᠪᠠᠢᠯ᠎ᠠ᠃

ᠵᠡᠭᠡᠷ᠎ᠡ᠎ᠵᠢᠡ ᠰᠦᠷᠦᠭ ᠰᠦᠷ ᠳᠠᠯᠠᠢᠴᠠᠲᠠᠢ ᠪᠡᠷ ᠬᠢᠩᠭᠠᠨ ᠠᠢᠮᠠᠭ᠎ᠤᠨ ᠷᠠᠱᠢᠶᠠᠨ ᠬᠤᠲᠠ᠎ᠶ᠋ᠢᠨ ᠲᠣᠭᠣᠷᠢᠭ᠎ᠤᠨ 《ᠵᠡᠭᠡᠯᠢ ᠭᠤᠳᠤᠮᠵᠢ᠎ᠪᠠᠷ ᠶᠠᠪᠤᠬᠤ》 ᠨᠢ ᠪᠦᠬᠦ᠌ ᠤᠯᠤᠰ᠎ᠤᠨ ᠠᠷᠠᠳ ᠲᠦᠮᠡᠨ᠎ᠦ ᠠᠩᠬᠠᠷᠤᠯ᠎ᠢ ᠲᠠᠲᠠᠭᠰᠠᠨ ᠪᠠᠢᠨ᠎ᠠ᠃ ᠨᠢᠭᠡᠨ ᠦᠶ᠎ᠡ ᠵᠢᠭᠤᠯᠴᠢᠯᠠᠭᠰᠠᠳ ᠬᠣᠢᠨ᠎ᠠ ᠬᠣᠢᠨ᠎ᠠ᠎ᠡᠴᠡ᠎ᠪᠠᠨ ᠬᠦᠷᠦᠯᠴᠡᠨ ᠢᠷᠡᠵᠦ᠍᠂ ᠠᠮᠲᠠᠲᠤ ᠢᠳᠡᠭᠡᠨ᠎ᠦ ᠵᠢᠭᠤᠯᠴᠢᠯᠠᠯ᠂ ᠠᠮᠢ ᠠᠬᠤᠶ᠎ᠶ᠋ᠢᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠭᠡᠷ ᠪᠦᠯᠢ᠎ᠵᠢᠨ ᠵᠢᠭᠤᠯᠴᠢᠯᠠᠯ ᠁ ᠣᠯᠠᠨ᠎ᠢᠶᠠᠷ᠎ᠢᠶᠠᠨ ᠠᠳᠠᠯᠢ ᠪᠤᠰᠤ ᠠᠷᠭ᠎ᠠ ᠬᠡᠯᠪᠡᠷᠢ᠎ᠪᠡᠷ ᠡᠨᠡ ᠬᠦ᠌ ᠤᠮᠠᠷᠠᠲᠤ᠎ᠶ᠋ᠢᠨ ᠪᠠᠭ᠎ᠠ ᠬᠣᠲᠠ ᠳ᠋ᠤ ᠯᠡ ᠣᠨᠴᠠ ᠪᠠᠢᠳᠠᠭ ᠮᠥᠰᠥ᠍ ᠴᠠᠰᠤᠨ᠎ᠤ ᠷᠢᠳᠢ ᠱᠢᠳᠢ᠎ᠶ᠋ᠢ ᠮᠡᠳᠡᠷᠡᠪᠡ᠃ 《ᠷᠠᠱᠢᠶᠠᠨ᠎ᠳᠤ ᠢᠷᠡᠭᠡᠳ ᠬᠡᠦᠬᠡᠳ᠎ᠦᠨ ᠳᠣᠮᠣᠭ᠎ᠤᠨ ᠶᠢᠷᠲᠢᠨᠴᠦ᠍᠎ᠳᠦ ᠣᠷᠣᠭ᠍ᠰᠠᠨ ᠮᠡᠲᠦ ᠰᠠᠨᠠᠭ᠍ᠳᠠᠪᠠ᠂ ᠬᠦᠢᠲᠡᠨ ᠨᠢ ᠦᠨᠡᠨ ᠬᠦᠢᠲᠡᠨ᠂ ᠭᠤᠶᠤ ᠨᠢ ᠴᠦ᠍ ᠪᠠᠰᠠ ᠦᠨᠡᠨ ᠭᠤᠶᠤ》 ᠭᠡᠵᠦ᠍ ᠵᠢᠭᠤᠯᠴᠢᠯᠠᠭᠴᠢ ᠸᠠᠩ ᠶᠤᠸᠠᠢ ᠬᠡᠯᠡᠵᠦ ᠪᠠᠢᠯ᠎ᠠ᠃

ᠡᠪᠦᠯ᠎ᠦᠨ ᠤᠯᠠᠷᠢᠯ᠎ᠤᠨ ᠤᠯᠠᠭᠠᠨᠰᠤᠬᠠᠢ ᠨᠠᠭᠤᠷ᠎ᠲᠤ ᠲᠡᠭᠷᠢ ᠴᠡᠯᠮᠡᠭᠰᠢᠨ ᠨᠡᠯᠦᠢᠵᠦ᠂ ᠮᠥᠰᠥ᠍ ᠴᠠᠰᠤᠨ᠎ᠳᠤ ᠬᠤᠴᠢᠭ᠍ᠳᠠᠭ᠍ᠰᠠᠨ ᠤᠮᠠᠷᠠᠲᠤ᠎ᠶ᠋ᠢᠨ ᠥᠩᠭᠡ ᠦᠵᠡᠮᠵᠢ ᠤᠨᠴᠠ᠎ᠭᠤᠶᠤ ᠬᠠᠷᠠᠭᠳᠠᠵᠤ᠂ ᠭᠠᠯᠠᠭᠤᠨ᠎ᠰᠦᠷᠦᠭ ᠨᠤᠭᠦᠳ ᠡᠨᠳᠡ ᠬᠢᠵᠠᠭᠠᠯᠠᠰᠢ ᠥᠬᠡᠶ ᠠᠮᠢᠵᠢᠷᠠᠯ᠎ᠤᠨ ᠬᠦᠴᠦᠨ ᠨᠡᠮᠡᠷᠢᠯᠡᠵᠡᠶ᠃

《ᠡᠨᠡ ᠬᠡᠰᠡᠭ ᠬᠤᠭᠤᠴᠠᠭᠠᠨ᠎ᠳᠤ ᠮᠥᠰᠥ᠍ ᠴᠠᠰᠤᠨ᠎ᠤ ᠵᠢᠭᠤᠯᠴᠢᠯᠠᠯ ᠣᠨᠴᠠᠭᠠᠢ ᠬᠥᠭ᠌ᠵᠢᠶᠡᠨᠲᠡᠶ ᠪᠠᠢᠨ᠎ᠠ᠂ ᠤᠯᠠᠭᠠᠨᠰᠤᠬᠠᠢ ᠵᠢᠨ ᠮᠥᠰᠥ᠍ ᠴᠠᠰᠤᠨ᠎ᠤ ᠲᠦᠷᠦᠯ ᠵᠦᠢᠯ ᠮᠠᠰᠢ ᠡᠯᠪᠡᠭ ᠪᠠᠢᠵᠤ᠂ ᠬᠤᠯᠤᠰᠤᠨ ᠬᠠᠵᠠᠭᠤ᠎ᠳᠤ ᠵᠣᠭ᠍ᠰᠣᠵᠤ ᠰᠡᠭᠦᠳᠡᠷ ᠲᠠᠲᠠᠬᠤ᠎ᠳᠦ᠂ ᠠᠷᠤ᠎ᠳᠤ ᠬᠦᠪᠡᠭᠡ ᠬᠢᠵᠠᠭᠠᠷ ᠨᠢ ᠬᠠᠷᠠᠭ᠍ᠳᠠᠬᠤ ᠦᠭᠡᠢ ᠮᠥᠰᠥ ᠲᠠᠢ᠂ ᠳᠡᠭᠡᠷ᠎ᠡ ᠴᠡᠩᠬᠡᠷ ᠬᠦᠭᠡ ᠣᠭ᠍ᠲᠠᠷᠭᠤᠢ ᠪᠠᠢᠵᠤ᠂ ᠬᠦᠮᠦᠰ ᠲᠤ᠌ ᠴᠡᠭᠡᠵᠢ ᠠᠭᠤᠵᠢᠷᠠᠲᠠᠯ᠎ᠠ ᠠᠮᠢᠰᠬᠤᠯᠯᠠᠬᠤ ᠴᠠᠪᠠᠷ ᠰᠠᠢᠬᠠᠨ ᠠᠭᠤᠷ ᠠᠮᠢᠰᠬᠤᠯ᠎ᠢ ᠮᠡᠳᠡᠷᠡᠭᠦᠯᠦᠨ᠎ᠡ᠂ ᠡᠨᠳᠡ ᠢᠷᠡᠵᠦ ᠵᠢᠭᠤᠯᠴᠢᠯᠠᠬᠰᠠᠨ ᠨᠢ ᠦᠨᠡᠬᠡᠷ ᠵᠦᠪ ᠰᠤᠨᠭᠭᠤᠯᠳᠠ ᠪᠤᠯᠵᠠᠢ!》 ᠬᠡᠵᠦ ᠱᠢᠶᠠᠮᠧᠨ᠎ᠦ ᠵᠢᠭᠤᠯᠴᠢᠯᠠᠭᠴᠢ ᠦ᠋ ᠲᠸᠩ ᠬᠤᠸᠠ ᠶᠡᠬᠡᠳᠡ ᠪᠠᠶᠠᠷᠯᠠᠵᠦ ᠪᠠᠢᠪᠠ᠃

ᠤᠷᠤᠯᠳᠤᠭᠠᠨ ᠬᠦᠷ ᠬᠦᠭᠵᠢᠶᠡᠨᠲᠡᠢ ᠶᠠᠪᠤᠭᠳᠠᠪᠠ

ᠲᠦᠩᠯᠢᠶᠣᠤ ᠬᠣᠲᠠ ᠪᠠᠰᠠ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠬᠠᠯᠠᠮᠰᠢᠯ᠎ᠢ ᠤᠭᠳᠤᠨ ᠠᠪᠴᠢᠷᠠᠵᠤ᠂ ᠮᠥᠰᠥ᠍ ᠴᠠᠰᠤᠨ᠎ᠤ ᠪᠠᠶᠠᠷ᠂ ᠳᠥᠷᠪᠡᠨ ᠤᠯᠠᠷᠢᠯ᠎ᠤᠨ ᠴᠡᠩᠭᠡᠯ᠎ᠦᠨ ᠬᠦᠷᠢᠶᠡᠯᠡᠩ᠎ᠦᠨ ᠮᠥᠰᠥ᠍ ᠴᠠᠰᠤᠨ᠎ᠤ ᠨᠠᠢᠷ᠂ UTV ᠡᠪᠦᠯ᠎ᠦᠨ ᠤᠯᠠᠷᠢᠯ᠎ᠤᠨ ᠮᠦᠷᠦᠢᠴᠡᠭᠡᠨ ᠁ ᠡᠯ᠎ᠡ ᠵᠦᠶ᠋ᠯ᠎ᠦᠨ ᠮᠥᠰᠥ᠍ ᠴᠠᠰᠤᠨ᠎ᠤ ᠪᠡᠶᠡᠴᠢᠯᠡᠨ ᠣᠢᠯᠠᠭᠠᠬᠤ ᠠᠵᠢᠯᠯᠠᠭ᠎ᠠ᠎ᠨᠢ ᠵᠢᠭᠤᠯᠴᠢᠯᠠᠭᠰᠠᠳ᠎ᠲᠤ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠪᠠᠶᠠᠷ ᠪᠠᠶᠠᠰᠤᠯ᠎ᠢ ᠡᠳ᠋ᠯᠡᠭᠦᠯᠬᠦ᠎ᠵᠢᠨ ᠬᠠᠮᠲᠤ ᠪᠠᠰᠠ ᠨᠠᠩ ᠣᠯᠠᠨ ᠲᠣᠰ ᠭᠠᠵᠠᠷ᠎ᠤᠨ ᠵᠢᠭᠤᠯᠴᠢᠯᠠᠭᠰᠠᠳ᠎ᠲᠤ ᠨᠤᠲᠤᠭ ᠤᠰᠤᠨ ᠳ᠋ᠠᠭᠠᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠪᠡᠶᠡᠴᠢᠯᠡᠨ ᠣᠢᠯᠠᠭᠠᠭᠤᠯᠵᠤ᠂ ᠡᠪᠦᠯ᠎ᠦᠨ ᠤᠯᠠᠷᠢᠯ᠎ᠤᠨ ᠰᠠᠢᠨ ᠰᠠᠢᠬᠠᠨ ᠴᠠᠭ ᠮᠥᠴᠡ᠎ᠶ᠋ᠢ ᠡᠳ᠋ᠯᠡᠭᠦᠯᠦᠭ᠌ᠰᠡᠨ ᠪᠠᠢᠨ᠎ᠠ᠃

ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠤᠯᠠᠮ ᠬᠥᠭ᠌ᠵᠢᠭᠡᠵᠦ᠍᠂ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠬᠥᠭ᠌ᠵᠢᠶᠡᠨ᠎ᠲᠡᠶ ᠶᠠᠪᠤᠭᠳᠠᠬᠤ᠎ᠶ᠋ᠢ ᠠᠬᠢᠭᠤᠯᠬᠤ᠎ᠶ᠋ᠢᠨ ᠲᠥᠯᠥᠭᠡ ᠂ 2023᠎ᠤ 12 ᠰᠠᠷ᠎ᠠ᠎ᠶ᠋ᠢᠨ 8 ᠎ᠤ᠋ ᠡᠳᠦᠷ᠎ᠡᠴᠡ ᠨᠠᠭᠠᠰᠢ᠂ ᠲᠦᠩᠯᠢᠶᠣᠤ ᠬᠣᠲᠠ《ᠪᠠᠷᠠᠭᠤᠨ ᠯᠢᠶᠣᠤ ᠾᠧ ᠭᠤᠤᠯ᠎ᠤᠨ ᠬᠥᠪᠡᠭᠡᠨ᠎ᠡ ᠮᠥᠰᠥ᠍ ᠴᠠᠰᠤ᠎ᠶ᠋ᠢ ᠬᠠᠮᠲᠤ᠎ᠪᠠᠷ ᠡᠳ᠋ᠯᠡᠬᠦ᠌》 ᠲᠦᠩᠯᠢᠶᠣᠤ ᠬᠣᠲᠠ᠎ᠶ᠋ᠢᠨ ᠭᠤᠷᠪᠠᠳᠤᠭᠠᠷ ᠬᠤᠭᠤᠴᠠᠭᠠᠨ᠎ᠤ ᠮᠥᠰᠥ᠍ ᠴᠠᠰᠤᠨ᠎ᠤ ᠨᠠᠢᠷ᠎ᠤᠨ ᠱᠢᠷᠢᠰ ᠠᠵᠢᠯᠯᠠᠭ᠎ᠠ᠎ᠶ᠋ᠢ ᠡᠬᠢᠯᠡᠨ ᠬᠡᠷᠡᠭ᠌ᠵᠢᠭᠦᠯᠵᠦ᠍᠂ ᠨᠡᠢᠲᠡ 82 ᠲᠠᠯᠠᠪᠤᠷ ᠶᠠᠪᠤᠭ᠍ᠳᠠᠪᠠ᠃

ᠲᠦᠷᠦᠭᠦᠬᠡᠨ᠂ ᠥᠪᠥᠷ ᠮᠣᠩᠭᠣᠯ᠎ᠤᠨ ᠲᠡᠯᠡᠢᠨᠠᠭᠤᠷ᠎ᠤᠨ ᠡᠪᠦᠯ᠎ᠦᠨ ᠵᠢᠭᠠᠰᠤ ᠠᠩᠨᠠᠬᠤ ᠵᠢᠭᠤᠯᠴᠢᠯᠠᠯ᠎ᠤᠨ ᠤᠯᠠᠷᠢᠯ ᠤᠯᠠᠭᠠᠨᠬᠠᠳᠠ ᠬᠣᠲᠠ᠎ᠶ᠋ᠢᠨ ᠬᠡᠱᠢᠭ᠌ᠲᠡᠨ ᠬᠣᠱᠢᠭᠤᠨ᠎ᠳᠤ ᠬᠥᠷ ᠬᠥᠭ᠌ᠵᠢᠶᠡᠨ᠎ᠲᠡᠶ ᠶᠠᠪᠤᠭ᠍ᠳᠠᠪᠠ᠃ ᠡᠭᠦᠨ᠎ᠦ ᠳᠣᠲᠣᠷᠠᠬᠢ ᠴᠢᠬᠤᠯᠠ ᠭᠣᠭ᠍ᠴᠣᠭ᠎ᠠ ᠪᠣᠯᠤᠭ᠍ᠰᠠᠨ᠎ᠤ ᠬᠤᠪᠢ᠎ᠳᠤ᠂ ᠳᠠᠷᠬᠠᠠᠬᠭᠤᠯᠠ ᠰᠤᠮᠤ᠎ᠶ᠋ᠢᠨ ᠠᠷᠪᠠᠨ ᠬᠣᠶᠠᠳᠤᠭᠠᠷ ᠬᠤᠭᠤᠴᠠᠭᠠᠨ᠎ᠤ ᠮᠥᠩᠭᠥᠨ ᠡᠪᠦᠯ᠎ᠦᠨ ᠲᠡᠮᠡᠭᠡᠨ ᠰᠣᠶᠣᠯ᠎ᠤᠨ ᠨᠠᠢᠷ᠎ᠨᠢ ᠵᠢᠭᠤᠯᠴᠢᠯᠠᠭᠰᠠᠳ᠎ᠤᠨ ᠠᠩᠬᠠᠷᠤᠯ᠎ᠢ ᠤᠨᠴᠠᠭᠠᠢ ᠲᠠᠲᠠᠭᠰᠠᠨ ᠪᠠᠢᠨ᠎ᠠ᠃

2023 ᠣᠨ᠎ᠡᠴᠡ ᠨᠠᠭᠠᠰᠢ᠂ ᠤᠯᠠᠭᠠᠨᠬᠠᠳᠠ ᠬᠣᠲᠠ 《ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ》ᠵᠢᠡᠷ ᠠᠵᠠ ᠲᠣᠬᠢᠶᠠᠯ ᠪᠣᠯᠭᠠᠵᠤ᠂ 《ᠲᠡᠯᠡᠢᠨᠠᠭᠤᠷ᠎ᠤᠨ ᠡᠪᠦᠯ᠎ᠦᠨ ᠠᠩᠨᠠᠯ᠎ᠤᠨ ᠵᠢᠭᠤᠯᠴᠢᠯᠠᠯ᠎ᠤᠨ ᠤᠯᠠᠷᠢᠯ》᠂ 《ᠮᠠᠢᠷᠠᠨ ᠵᠢᠯᠠᠭ᠎ᠠ᠎ᠶ᠋ᠢᠨ ᠮᠥᠰᠥ᠍ ᠴᠠᠰᠤᠨ᠎ᠤ ᠰᠠᠢᠬᠠᠨ ᠣᠨ》 ᠭᠡᠬᠦ᠌ ᠬᠣᠶᠠᠷ ᠶᠡᠬᠡ ᠮᠥᠰᠥ᠍ ᠴᠠᠰᠤᠨ᠎ᠤ ᠭᠤᠤᠯ ᠰᠡᠳᠦᠪ᠎ᠢ ᠬᠦᠴᠦᠲᠡᠶ ᠬᠥᠲᠥᠯᠥᠨ ᠳᠠᠭᠠᠭᠤᠯᠬᠤ᠎ᠪᠠᠷ ᠳᠡᠮᠵᠢᠨ᠂ ᠮᠥᠰᠥ᠍ ᠴᠠᠰᠤᠨ᠎ᠤ ᠣᠯᠠᠨ ᠭᠤᠤᠯ ᠰᠡᠳᠦᠪᠲᠦ ᠴᠡᠩᠭᠡᠯ᠎ᠦᠨ ᠬᠦᠷᠢᠶᠡᠯᠡᠩ ᠬᠣᠲᠠ ᠬᠥᠳᠡᠭᠡ ᠵᠢ ᠬᠠᠮᠤᠷᠴᠤ᠂ ᠤᠯᠠᠭᠠᠨᠬᠠᠳᠠ᠎ᠶ᠋ᠢᠨ ᠰᠣᠶᠣᠯ ᠵᠢᠭᠤᠯᠴᠢᠯᠠᠯ ᠪᠡᠭᠡᠵᠢᠩ᠎ᠳᠦ ᠣᠷᠣᠵᠤ 《ᠮᠥᠰᠥ᠍ ᠴᠠᠰᠤᠨ᠎ᠤ ᠤᠯᠠᠭᠠᠨᠬᠠᠳᠠ》 ᠵᠢ ᠤᠬᠠᠭᠤᠯᠤᠨ ᠳᠡᠯᠭᠡᠷᠡᠭᠦᠯᠬᠦ᠌ ᠵᠡᠷᠭᠡ ᠠᠷᠭ᠎ᠠ ᠬᠡᠮᠵᠢᠶ᠎ᠡ ᠠᠪᠴᠤ᠌᠂ ᠤᠯᠠᠭᠠᠨᠬᠠᠳᠠ᠎ᠶ᠋ᠢᠨ ᠮᠥᠰᠥ᠍ ᠴᠠᠰᠤᠨ᠎ᠤ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠬᠥᠭ᠌ᠵᠢᠶᠡᠨ᠎ᠲᠡᠶ ᠪᠣᠯᠭᠠᠬᠤ᠎ᠶ᠋ᠢ ᠲᠦᠷᠭᠡᠳᠭᠡᠪᠡ᠃ 《ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ》 ᠳ᠋ᠤ ᠬᠦᠴᠦᠨ ᠨᠡᠮᠡᠷᠢᠯᠡᠵᠦ᠍᠂ ᠣᠷᠳᠣᠰ ᠬᠣᠲᠠ ᠡᠯᠪᠡᠭ ᠪᠠᠶᠠᠯᠢᠭ ᠵᠢᠭᠤᠯᠴᠢᠯᠠᠯ᠎ᠤᠨ ᠡᠬᠢ ᠪᠠᠶᠠᠯᠢᠭ ᠪᠣᠯᠤᠨ ᠥᠪᠡᠷᠮᠢᠴᠡ ᠰᠣᠶᠣᠯ ᠢᠷᠭᠡᠨᠱᠢᠯ᠎ᠦᠨ ᠦᠵᠡᠮᠵᠢ᠎ᠶ᠋ᠢ ᠬᠠᠷᠢᠯᠴᠠᠨ ᠤᠶᠠᠯᠳᠤᠭᠤᠯᠵᠤ᠂ 《ᠮᠥᠰᠥ᠍ ᠴᠠᠰᠤ + ᠠᠷᠠᠳ᠎ᠤᠨ ᠵᠠᠩ ᠦᠶ᠋ᠯᠡ》᠂ 《ᠮᠥᠰᠥ᠍ ᠴᠠᠰᠤ + ᠰᠤᠳᠤᠯᠤᠨ ᠰᠤᠷᠤᠯᠴᠠᠬᠤ》᠂ 《ᠮᠥᠰᠥ᠍ ᠴᠠᠰᠤ + ᠪᠡᠶ᠎ᠡ᠎ᠶ᠋ᠢᠨ ᠲᠠᠮᠢᠷ》᠂ 《ᠮᠥᠰᠥ᠍ ᠴᠠᠰᠤ + ᠠᠮᠠᠷᠠᠯᠲᠠ》 ᠵᠡᠷᠭᠡ ᠠᠭᠤᠰᠤᠯᠴᠠᠭ᠍ᠰᠠᠨ ᠱᠢᠨ᠎ᠡ ᠪᠦᠲᠦᠭᠡᠭ᠌ᠳᠡᠬᠦᠨ᠎ᠢ ᠭᠠᠷᠭᠠᠵᠤ᠂ ᠪᠥᠬᠥ᠌ ᠤᠯᠤᠰ᠎ᠤᠨ ᠵᠢᠭᠤᠯᠴᠢᠯᠠᠭᠰᠠᠳ᠎ᠲᠤ ᠬᠥᠷ ᠬᠥᠭ᠌ᠵᠢᠶᠡᠨᠲᠡᠢ ᠮᠥᠰᠥ᠍ ᠴᠠᠰᠤᠨ᠎ᠤ ᠵᠢᠭᠤᠯᠴᠢᠯᠠᠯ᠎ᠤᠨ ᠤᠯᠠᠷᠢᠯ᠎ᠢ ᠮᠡᠳᠡᠷᠡᠭᠦᠯᠪᠡ᠃

ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ ᠬᠠᠯᠠᠮᠱᠢᠯ ᠪᠤᠯᠭᠠᠪᠠ

ᠡᠪᠦᠯ᠎ᠤᠷᠤᠭᠰᠠᠨ᠎ᠡᠴᠡ ᠨᠠᠭᠠᠰᠢ᠂ ᠠᠯᠠᠱᠠ ᠠᠢᠮᠠᠭ᠎ᠤᠨ ᠡᠯ᠎ᠡ ᠭᠠᠵᠠᠷ᠎ᠤᠨ ᠬᠢᠨ ᠪᠠᠶᠠᠯᠢᠭ ᠰᠠᠢᠬᠠᠨ᠂ ᠤᠯᠠᠨ ᠬᠡᠯᠪᠡᠷᠢ᠎ᠶ᠋ᠢᠨ ᠰᠣᠶᠣᠯ ᠵᠢᠭᠤᠯᠴᠢᠯᠠᠯ᠎ᠤᠨ ᠠᠵᠢᠯᠯᠠᠭ᠎ᠠ ᠥᠷᠨᠢᠭᠦᠯᠪᠡ᠃

ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠪᠦᠲᠦᠭᠡᠭᠳᠡᠬᠦᠨ᠎ᠢ ᠥᠷᠭᠡᠳᠭᠡᠵᠦ᠍᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠳᠤ ᠬᠦᠴᠦᠨ ᠨᠡᠮᠡᠷᠢᠯᠡᠬᠦ᠌᠎ᠶ᠋ᠢᠨ ᠲᠥᠯᠥᠭᠡ᠂ ᠠᠯᠠᠱᠠ ᠪᠠᠷᠠᠭᠤᠨ ᠬᠣᠱᠢᠭᠤ 《ᠰᠡᠳᠭᠢᠯ᠎ᠵᠢᠷᠦᠭᠡᠨ᠎ᠡᠴᠡ᠎ᠪᠠᠨ ᠰᠠᠢ᠌ᠨ ᠰᠠᠢᠬᠠᠨ᠎ᠢ ᠬᠥᠭᠡᠭᠡᠴᠡᠯᠳᠦᠨ ᠤᠷᠤᠭᠰᠢᠯᠠᠨᠠᠮ — 2023 · ᠠᠯᠠᠱᠠ᠎ᠶ᠋ᠢᠨ ᠲᠦᠮᠡᠨ ᠲᠡᠮᠡᠭᠡᠨ᠎ᠦ ᠨᠠᠭᠠᠳᠤᠮ᠎ᠤᠨ ᠶᠡᠬᠡ ᠬᠤᠷᠠᠯ》 ᠢ᠋ ᠡᠷᠬᠢᠯᠡᠪᠡ᠃ ᠶᠡᠬᠡ ᠬᠤᠷᠠᠯ《ᠰᠣᠶᠣᠯ ᠵᠢᠭᠤᠯᠴᠢᠯᠠᠯ + ᠮᠠᠯ ᠠᠵᠤ ᠠᠬᠤᠶ ᠲᠠᠷᠢᠶᠠᠯᠠᠩ》 ᠢ᠋ ᠠᠭᠤᠰᠤᠯᠴᠠᠭᠤᠯᠬᠤ ᠠᠷᠭ᠎ᠠ ᠬᠡᠯᠪᠡᠷᠢ᠎ᠪᠡᠷ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ 《ᠮᠣᠩᠭᠣᠯ ᠦᠨᠳᠦᠰᠦᠲᠡᠨ᠎ᠦ ᠲᠡᠮᠡᠭᠡ ᠲᠡᠵᠢᠭᠡᠬᠦ᠌ ᠵᠠᠩ ᠦᠶ᠋ᠯᠡ — ᠮᠣᠩᠭᠣᠯ ᠦᠨᠳᠦᠰᠦᠲᠡᠨ᠎ᠦ ᠲᠡᠮᠡᠭᠡᠨ ᠨᠠᠢᠷ 》ᠤ᠋ᠨ ᠥᠪᠡᠷᠮᠢᠴᠡ ᠤᠨᠴᠠᠯᠢᠭ᠎ᠢ ᠢᠯᠡᠷᠡᠭᠦᠯᠵᠦ᠍᠂ 《ᠳᠤᠮᠳᠠᠳᠤ ᠤᠯᠤᠰ᠎ᠤᠨ ᠲᠡᠮᠡᠭᠡᠨ ᠨᠤᠲᠤᠭ》᠂ 《ᠳᠤᠮᠳᠠᠳᠤ ᠤᠯᠤᠰ᠎ᠤᠨ ᠢᠨᠭᠭᠡᠨ ᠰᠦ᠎ᠵᠢᠡ ᠨᠤᠲᠤᠭ》 ᠤ᠋ᠨ ᠬᠢᠵᠠᠭᠠᠯᠠᠰᠢ ᠥᠬᠡᠶ ᠷᠢᠳᠢ ᠱᠢᠳᠢ᠎ᠶ᠋ᠢ ᠢᠯᠡᠷᠡᠭᠦᠯᠪᠡ᠃

ᠬᠥᠬᠡᠬᠣᠲᠠ᠎ᠶ᠋ᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ᠎ᠶ᠋ᠢᠨ ᠯᠸᠢ᠂ ᠡᠪᠦᠯ ᠤᠷᠤᠭᠰᠠᠨ᠎ᠡᠴᠡ ᠨᠠᠭᠠᠰᠢ᠂ ᠣᠷᠣᠨ᠎ᠤ ᠲᠥᠪ 《ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ》 ᠪᠠ 《ᠮᠥᠰᠥ᠍ ᠴᠠᠰᠤᠲᠤ ᠬᠥᠬᠡᠬᠣᠲᠠ· ᠤᠮᠠᠷᠠᠲᠤ ᠬᠢᠯᠢ᠎ᠶ᠋ᠢ ᠪᠠᠶᠠᠰᠭᠠᠨ᠎ᠠ》ᠡᠪᠦᠯ᠎ᠦᠨ ᠤᠯᠠᠷᠢᠯ᠎ᠤᠨ ᠮᠥᠰᠥ᠍ ᠴᠠᠰᠤᠨ᠎ᠤ ᠠᠵᠢᠯᠯᠠᠭ᠎ᠠ᠎ᠶ᠋ᠢᠨ ᠲᠣᠭᠣᠷᠢᠨ᠎ᠳᠤ ᠮᠥᠰᠥ᠍ ᠴᠠᠰᠤᠨ᠎ᠤ ᠵᠢᠭᠤᠯᠴᠢᠯᠠᠯ᠎ᠢ ᠬᠥᠭ᠌ᠵᠢᠭᠦᠯᠬᠦ᠌᠎ᠪᠡᠷ ᠭᠤᠤᠯ ᠱᠢᠵᠢᠮ ᠪᠣᠯᠭᠠᠵᠤ᠂ ᠡᠪᠦᠯ᠎ᠦᠨ ᠤᠯᠠᠷᠢᠯ᠎ᠤᠨ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠬᠠᠷᠠᠯᠲᠠ ᠪᠣᠯᠭᠠᠵᠤ᠂ 《ᠬᠦᠶ᠋ᠲᠡᠨ ᠡᠬᠢ ᠪᠠᠶᠠᠯᠢᠭ》 ᠢ᠋ 《ᠬᠠᠯᠠᠭᠤᠨ ᠠᠵᠤ ᠦᠶ᠋ᠯᠡᠰ》 ᠪᠣᠯᠭᠠᠨ ᠬᠤᠪᠢᠷᠠᠭᠤᠯᠵᠤ᠂ ᠨᠡᠢᠲᠡ ᠵᠠᠭᠤ ᠭᠠᠷᠤᠶ ᠵᠦᠶ᠋ᠯ᠎ᠦᠨ ᠰᠣᠶᠣᠯ ᠵᠢᠭᠤᠯᠴᠢᠯᠠᠯ᠎ᠤᠨ ᠠᠵᠢᠯᠯᠠᠭ᠎ᠠ ᠥᠷᠨᠢᠭᠦᠯᠪᠡ᠃ ᠢᠯᠠᠩᠭᠤᠶ᠎ᠠ ᠱᠢᠨ᠎ᠡ ᠵᠢᠯ᠎ᠢ ᠤᠭ᠍ᠲᠤᠬᠤ ᠱᠢᠷᠢᠰ ᠰᠣᠶᠣᠯ ᠵᠢᠭᠤᠯᠴᠢᠯᠠᠯ᠎ᠤᠨ ᠠᠵᠢᠯᠯᠠᠭ᠎ᠠ ᠪᠠ ᠮᠥᠰᠥ᠍ ᠴᠠᠰᠤᠨ᠎ᠤ ᠪᠠᠶᠠᠷ ᠵᠡᠷᠭᠡ ᠠᠵᠢᠯᠯᠠᠭ᠎ᠠ ᠨᠢ ᠰᠠᠢᠨ ᠰᠠᠢᠬᠠᠨ ᠨᠡᠢᠭᠡᠮ᠎ᠦᠨ ᠦᠢᠯᠡᠳᠦᠯ ᠭᠠᠷᠭᠠᠪᠠ᠃ ᠱᠢᠨ᠎ᠡ ᠵᠢᠯ᠎ᠦᠨ 3 ᠡᠳᠦᠷ᠎ᠦᠨ ᠠᠮᠠᠷᠠᠯᠲᠠ᠎ᠶ᠋ᠢᠨ ᠬᠤᠭᠤᠴᠠᠭᠠᠨ᠎ᠳᠤ᠂ ᠤᠯᠤᠰ᠎ᠤᠨ ᠳᠣᠲᠣᠭᠠᠳᠤ᠎ᠶ᠋ᠢᠨ ᠵᠢᠭᠤᠯᠴᠢᠯᠠᠭ᠍ᠴᠢᠳ᠎ᠢ ᠨᠡᠢᠲᠡ 135.35 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠤᠯᠤᠰ᠎ᠤᠨ ᠳᠣᠲᠣᠭᠠᠳᠤ᠎ᠶ᠋ᠢᠨ ᠵᠢᠭᠤᠯᠴᠢᠯᠠᠯ᠎ᠤᠨ ᠣᠷᠣᠯᠭ᠎ᠠ᠎ᠶ᠋ᠢ 9 ᠳ᠋ᠦᠩᠱᠢᠭᠤᠷ ᠱᠢᠬᠠᠮ ᠲᠥᠭᠥᠷᠢᠭ ᠪᠡᠶᠡᠯᠡᠭᠦᠯᠵᠡᠢ ᠭᠡᠵᠦ ᠲᠠᠨᠢᠯᠴᠠᠭᠤᠯᠪᠠ᠃

(ᠲᠤᠰ ᠰᠣᠨᠢᠨ᠎ᠤ ᠰᠤᠷᠪᠤᠯᠵᠢᠯᠠᠭ᠍ᠴᠢ ᠯᠢᠦ ᠬᠣᠩ ᠵᠠᠩ ᠼᠠᠢ ᠳ᠋ᠦᠩ ᠮᠧᠢ ᠵᠧᠩ ᠱᠢᠤᠸᠠᠢ ᠯᠢᠶᠠᠩ ᠱᠢᠤᠸᠠᠢ ᠯᠠᠢ ᠬᠤᠤ ᠪᠢᠶᠤᠤ ᠭᠤᠤ ᠮᠢᠨ ᠨᠠ ᠬᠤᠤ ᠱᠢᠤᠸᠠᠢ ᠯᠢᠶᠠᠨ ᠯᠢ ᠱᠢᠤᠸᠠᠢ ᠶᠣᠣ ᠯᠢ ᠵᠢᠶᠠ ᠢᠦᠢ ᠱᠢᠤᠢ ᠶᠤᠸᠠᠢ ᠮᠡᠳᠡᠭᠡᠯᠡᠪᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面