ᠰᠣᠶᠣᠯ ᠤᠷᠠᠯᠢᠭ > ᠠᠷᠪᠠᠨ ᠳᠥᠷᠪᠡᠳᠦᠭᠡᠷ ᠬᠤᠭᠤᠴᠠᠭᠠᠨ᠎ᠤ᠋ ᠡᠪᠦᠯ᠎ᠦ᠋ᠨ ᠤᠯᠠᠷᠢᠯ᠎ᠤ᠋ᠨ ᠲᠠᠮᠢᠷ᠎ᠤ᠋ᠨ ᠴᠤᠭᠯᠠᠭᠠᠨ

2024-02-17 12:59:19

ᠵᠣᠬᠢᠶᠠᠭ᠍ᠴᠢ᠄ ᠯᠢ ᠵᠦᠸᠸ ᠸᠠᠩ ᠯᠸᠢ ᠣᠩᠱᠢᠭ᠍ᠰᠠᠨ ᠣᠳᠠᠭ᠎ᠠ᠄ 3

《ᠱᠢᠨ᠎ᠡ ᠭᠠᠷᠤᠭ᠎ᠠ᠂ ᠱᠢᠨ᠎ᠡ ᠥᠷᠢᠰᠥᠯᠳᠦᠭᠡᠨ᠂ ᠡᠳᠦᠷ ᠪᠦᠷᠢ ᠤᠳᠬ᠎ᠠ ᠠᠭᠤᠯᠭ᠎ᠠ ᠲᠠᠢ ; ᠱᠢᠨ᠎ᠡ ᠭᠠᠷᠤᠭ᠎ᠠ᠂ ᠱᠢᠨ᠎ᠡ ᠮᠠᠷᠭᠠᠰᠢ᠂ ᠢᠷᠡᠭᠡᠳᠦᠢ ᠨᠢᠳᠤᠨ ᠡᠮᠦᠨ᠎ᠡ ᠪᠤᠢ ᠁》᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠤ᠋ ᠭᠤᠤᠯ ᠰᠡᠳᠦᠪᠳᠤ ᠲᠠᠭᠤᠤ 《ᠱᠢᠨ᠎ᠡ ᠭᠠᠷᠤᠭ᠎ᠠ》 ᠶ᠋ᠢ 2 ᠰᠠᠷ᠎ᠠ᠎ᠶ᠋ᠢᠨ 17 ᠎ᠤ᠋ ᠡᠳᠦᠷ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ ᠳᠡᠭᠡᠷ᠎ᠡ ᠤᠯᠠᠭᠠᠨᠲᠤᠶᠠᠭ᠎ᠠ᠂ ᠣᠷᠴᠢᠯᠠᠨᠭ᠌᠂ ᠮᠢᠩ ᠵᠢᠶᠠ ᠱᠢᠨ᠂ ᠯᠢ ᠴᠧᠨ ᠰᠢ ᠳᠥᠷᠪᠡᠨ ᠵᠠᠯᠠᠭᠤ ᠳᠠᠭᠤᠴᠢᠨ᠂ ᠲᠣᠭ᠍ᠯᠠᠭ᠍ᠴᠢ ᠠᠩᠬ᠎ᠠ ᠤᠳᠠᠭ᠎ᠠ ᠳᠠᠭᠤᠯᠠᠬᠤ ᠪᠣᠯᠤᠨ᠎ᠠ᠃

ᠠᠯᠳᠠᠷᠲᠤ ᠬᠥᠭ᠌ᠵᠢᠮᠴᠢᠨ ᠭᠦᠸᠧ ᠹᠧᠩ ᠪᠣᠯ ᠭᠤᠤᠯ ᠰᠡᠳᠦᠪᠳᠤ ᠲᠠᠭᠤᠤ᠎ᠶ᠋ᠢᠨ ᠦᠭᠡ ᠠᠶ᠎ᠠ ᠵᠢᠨ ᠵᠣᠬᠢᠶᠠᠭ᠍ᠴᠢ ᠪᠤᠯᠤᠨ᠎ᠠ᠂ 2 ᠰᠠᠷ᠎ᠠ᠎ᠶ᠋ᠢᠨ 15 ᠎ᠤ᠋ ᠡᠳᠦᠷ᠂ ᠲᠡᠷᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ᠎ᠤᠨ ᠰᠣᠷᠢᠯᠲᠠ᠎ᠶ᠋ᠢᠨ ᠠᠬᠤᠶ ᠲᠠᠯᠠᠪᠠᠶ᠎ᠳᠤ ᠰᠤᠷᠪᠤᠯᠵᠢᠯᠠᠭ᠍ᠴᠢ᠎ᠳᠤ᠄ 《〈ᠱᠢᠨ᠎ᠡ ᠭᠠᠷᠤᠭ᠎ᠠ〉 ᠬᠡᠬᠦ ᠲᠠᠭᠤᠤ ᠨᠢ ᠬᠥᠭ ᠠᠶᠠᠰ᠎ᠤᠨ ᠲᠠᠯ᠎ᠠ᠎ᠪᠠᠷ ᠲᠥᠬᠥᠮ ᠮᠦᠷᠲᠡᠭᠡᠨ ᠳᠠᠭᠤᠯᠠᠬᠤ᠎ᠳᠤ ᠠᠮᠠᠷᠬᠠᠨ᠎ᠢ ᠴᠢᠬᠤᠯᠠᠴᠢᠯᠠᠵᠤ᠂ ᠠᠢᠵᠠᠮ ᠴᠤᠬᠢᠯᠭ᠎ᠠ ᠵᠢᠨ ᠲᠠᠯ᠎ᠠ᠎ᠪᠠᠷ ᠴᠤᠪᠤᠭᠤ ᠲᠡᠭᠵᠢᠨ᠎ᠢ ᠬᠥᠭᠡᠭᠡᠴᠡᠯᠳᠦᠬᠦ᠌᠎ᠶ᠋ᠢᠨ ᠬᠠᠮᠲᠤ ᠣᠷᠳᠣ᠎ᠶ᠋ᠢᠨ ᠳᠠᠭᠤᠤ᠂ ᠮᠣᠷᠢᠨ ᠬᠤᠭᠤᠷ ᠵᠡᠷᠭᠡ ᠥᠪᠥᠷ ᠮᠣᠩᠭᠣᠯ᠎ᠤᠨ ᠥᠪᠡᠷᠮᠢᠴᠡ ᠣᠨᠴᠠᠯᠢᠭ᠎ᠲᠠᠶ ᠳᠠᠭᠤᠤ ᠬᠥᠭ᠌ᠵᠢᠮ᠎ᠦᠨ ᠡᠯᠧᠮᠧᠨ᠋ᠲ᠎ᠢ ᠠᠭᠤᠰᠤᠯᠴᠠᠭᠤᠯᠤᠨ ᠤᠷᠤᠭᠤᠯᠪᠠ᠃ ᠭᠣᠣᠯ ᠰᠡᠳᠦᠪᠳᠤ ᠳᠠᠭᠤᠤ ᠨᠢ ᠡᠬᠢᠯᠡᠯᠲᠡ᠎ᠶ᠋ᠢᠨ ᠶᠣᠰᠣᠯᠠᠯ᠎ᠳᠤ ᠦᠨᠭᠭᠡ ᠬᠡᠷᠡᠯ ᠨᠡᠮᠡᠷᠢᠯᠡᠬᠦ ᠵᠢ ᠬᠦᠰᠡᠵᠦ᠍ ᠪᠠᠢᠨ᠎ᠠ᠂ ᠡᠨᠡ ᠳᠠᠭᠤᠤ᠎ᠶ᠋ᠢ ᠰᠣᠨᠣᠰᠤᠭ᠍ᠰᠠᠨ ᠪᠦᠬᠦᠨ ᠲᠠᠮᠢᠷ᠎ᠤᠨ ᠬᠥᠳᠡᠯᠭᠡᠭᠡᠨ᠎ᠦ ᠠᠪᠴᠢᠷᠠᠭᠰᠠᠨ ᠪᠠᠶᠠᠷ ᠪᠠᠬᠠᠳᠤᠯ᠎ᠢ ᠮᠡᠳᠡᠷᠡᠵᠦ᠍᠂ ᠥᠪᠥᠷ ᠮᠣᠩᠭᠣᠯ᠎ᠤᠨ ᠤᠷᠬᠢᠯᠤᠮ᠎ᠠ ᠬᠠᠯᠠᠭᠤᠨ ᠰᠡᠳᠭᠢᠯᠭᠡ᠎ᠶ᠋ᠢ ᠮᠡᠳᠡᠷᠡᠬᠦ ᠪᠤᠯᠤᠨ᠎ᠠ》 ᠭᠡᠵᠦ ᠲᠠᠨᠢᠯᠴᠠᠭᠤᠯᠪᠠ᠃ ᠭᠦᠸᠧ ᠹᠧᠩ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠬᠤ ᠲᠠᠮᠢᠷᠴᠢᠳ᠎ᠤᠨ ᠰᠠᠢᠨ ᠬᠢᠷᠢ ᠪᠦᠲᠦᠮᠵᠢ ᠣᠯᠵᠤ᠂ ᠱᠢᠨ᠎ᠡ ᠭᠠᠷᠤᠭ᠎ᠠ᠎ᠳᠤ ᠵᠣᠭ᠍ᠰᠣᠨ᠂ ᠱᠢᠨ᠎ᠡ ᠥᠷᠢᠰᠥᠯᠳᠦᠭᠡᠨ᠎ᠢ ᠤᠭ᠍ᠲᠤᠵᠤ᠂ ᠱᠢᠨ᠎ᠡ ᠠᠮᠵᠢᠯᠲᠠ ᠤᠯᠬᠤ᠎ᠶ᠋ᠢ ᠬᠦᠰᠡᠨ ᠵᠥᠩᠨᠡᠪᠡ᠃

《ᠡᠨᠡ ᠳᠠᠭᠤᠤ᠎ᠶ᠋ᠢ ᠠᠩᠬ᠎ᠠ ᠳᠠᠭᠤᠯᠠᠬᠤ᠎ᠳᠦ᠂ ᠪᠢ ᠮᠠᠰᠢ ᠰᠡᠳᠭᠢᠯ ᠳᠣᠭ᠍ᠳᠣᠯᠪᠠ᠂ ᠡᠨᠡ ᠳᠠᠭᠤᠤ ᠤᠷᠮ᠎ᠠ ᠵᠤᠷᠢᠭ᠎ᠢ ᠬᠦᠭᠵᠢᠭᠡᠬᠦ ᠮᠦᠷᠲᠡᠭᠡᠨ ᠢᠳᠡᠪᠬᠢ ᠬᠦᠴᠦᠨ᠎ᠢᠶᠡᠷ ᠪᠢᠯᠬᠠᠮ᠎ᠠ ᠪᠤᠯᠵᠠᠢ》᠃ ᠤᠯᠠᠭᠠᠨᠲᠤᠶᠠᠭ᠎ᠠ᠂《ᠥᠪᠥᠷ ᠮᠣᠩᠭᠣᠯ᠎ᠤᠨ ᠤᠳᠭ᠎ᠠ ᠤᠷᠠᠯᠢᠭ᠎ᠤᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ᠎ᠳᠤ ᠣᠷᠣᠯᠴᠠᠵᠤ᠂ ᠨᠤᠲᠤᠭ ᠤᠰᠤᠨ᠎ᠳᠠᠭᠠᠨ ᠬᠡᠷᠡᠯ ᠭᠢᠯᠪᠠᠭ᠎ᠠ ᠨᠡᠮᠡᠷᠢᠯᠡᠬᠦ ᠪᠤᠯᠤᠭᠰᠠᠨ ᠳ᠋ᠠᠭᠠᠨ ᠮᠠᠰᠢ ᠠᠵᠠ᠎ᠲᠠᠶ ᠰᠠᠨᠠᠭᠳᠠᠵᠤ ᠪᠠᠢᠨ᠎ᠠ》 ᠭᠡᠵᠦ᠍ ᠢᠯᠡᠳᠭᠡᠪᠡ᠃

《〈ᠱᠢᠨ᠎ᠡ ᠭᠠᠷᠤᠭ᠎ᠠ〉 ᠭᠡᠬᠦ ᠳᠠᠭᠤᠤ ᠨᠢᠭᠡ ᠵᠦᠢᠯ᠎ᠦᠨ ᠢᠳᠡ ᠬᠦᠴᠦᠨ᠎ᠲᠡᠶ᠂ ᠦᠭᠡ ᠠᠶ᠎ᠠ ᠨᠢ ᠬᠥᠮᠦᠰ᠎ᠦᠨ ᠤᠷᠮ᠎ᠠ ᠰᠡᠳᠭᠢᠯᠭᠡ ᠵᠢ ᠬᠥᠭ᠌ᠵᠢᠭᠡᠨ᠎ᠡ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ ᠳᠡᠭᠡᠷ᠎ᠡ ᠭᠦᠸᠧ ᠹᠧᠩ ᠪᠠᠭ᠍ᠰᠢ᠎ᠶ᠋ᠢᠨ ᠵᠣᠬᠢᠶᠠᠨ ᠪᠦᠲᠦᠭᠡᠭ᠌ᠰᠡᠨ ᠭᠤᠤᠯ ᠰᠡᠳᠦᠪ ᠳᠠᠭᠤᠤ᠎ᠶ᠋ᠢ ᠳᠠᠭᠤᠯᠠᠬᠤ ᠪᠤᠯᠤᠭᠰᠠᠨ᠎ᠳᠠᠭᠠᠨ ᠮᠠᠰᠢ ᠪᠠᠶᠠᠷ ᠲᠠᠶ ᠪᠠᠢᠨ᠎ᠠ᠂ ᠦᠷᠬᠡᠨ ᠣᠯᠠᠨ ᠵᠢᠭᠤᠯᠴᠢᠯᠠᠬᠰᠠᠳ᠎ᠤᠨ ᠦᠵᠡᠰᠭᠦᠯᠡᠩᠲᠦ ᠰᠠᠢᠬᠠᠨ ᠬᠥᠯᠥᠨ ᠪᠣᠢᠷ᠎ᠲᠤ ᠢᠷᠡᠵᠦ᠍ ᠤᠷᠤᠯᠳᠤᠭᠠᠨ ᠦᠵᠡᠬᠦ᠌᠎ᠶ᠋ᠢ ᠪᠠᠶᠠᠷᠯᠠᠨ ᠤᠭ᠍ᠲᠤᠵᠤ ᠪᠠᠢᠨ᠎ᠠ》 ᠭᠡᠵᠦ᠍ ᠤᠷᠴᠢᠯᠠᠨᠭ᠌ ᠬᠡᠯᠡᠪᠡ᠃

《ᠬᠥᠯᠥᠨ ᠪᠤᠢ᠌ᠷ᠎ᠲᠤ ᠠᠩᠬ᠎ᠠ ᠤᠳᠠᠭ᠎ᠠ ᠢᠷᠡᠭᠡᠳ᠂ ᠪᠢ ᠮᠥᠰᠥ᠍ ᠴᠠᠰᠤᠨ᠎ᠤ ᠭᠠᠢᠬᠠᠮᠰᠢᠭ᠎ᠢ ᠮᠡᠳᠡᠷᠡᠯ᠎ᠡ》 ᠭᠡᠰᠡᠨ᠎ᠵᠢᠡᠨ ᠮᠢᠩ ᠵᠢᠶᠠ ᠱᠢᠨ ᠵᠠᠯᠭᠠᠭᠠᠳ᠄ 《ᠪᠢ ᠲᠤᠢᠯ᠎ᠤᠨ ᠰᠠᠨᠳᠤᠷᠤᠭᠰᠠᠨ᠂ ᠪᠠᠶᠠᠷᠯᠠᠭᠰᠠᠨ᠂ ᠳᠣᠭ᠍ᠳᠣᠯᠤᠭ᠍ᠰᠠᠨ ᠰᠡᠳᠭᠢᠯᠭᠡ᠎ᠪᠡᠷ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠤᠰᠤᠯᠠᠯ᠎ᠤᠨ ᠲᠤᠭᠯᠠᠯᠲᠠ᠎ᠵᠢᠨ ᠲᠠᠢᠰᠠᠨ᠎ᠳᠤ ᠭᠠᠷᠬᠤ᠎ᠵᠢ ᠬᠦᠰᠡᠨ ᠬᠦᠯᠢᠶᠡᠵᠦ᠍ ᠪᠠᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠲᠡᠭᠦᠰ ᠠᠮᠵᠢᠯᠲᠠ ᠤᠯᠬᠤ᠎ᠶ᠋ᠢ ᠵᠥᠩᠨᠡᠶ᠎ᠡ᠃ ᠴᠢᠷᠮᠠᠶ! ᠲᠠᠮᠢᠷᠴᠢᠳ ᠡ!》 ᠭᠡᠵᠦ ᠤᠷᠮ᠎ᠠ ᠲᠠᠢ ᠶᠠᠷᠢᠵᠤ ᠪᠠᠢᠯ᠎ᠠ᠃

《ᠶᠠᠭᠠᠬᠢᠭ᠍ᠰᠠᠨ ᠰᠠᠢ᠍ᠢᠬᠠᠨ ᠪᠤᠢ! ᠬᠥᠯᠥᠨ ᠪᠤᠢᠷ᠎ᠦᠨ ᠥᠷᠭᠡᠨ ᠠᠭᠤᠳᠠᠮ ᠴᠠᠰᠤᠲᠤ ᠲᠠᠯ᠎ᠠ᠎ᠶ᠋ᠢ ᠦᠵᠡᠭᠡᠳ᠂ ᠦᠨᠡᠬᠡᠷ ᠰᠡᠳᠬᠢᠯ ᠰᠠᠨᠠᠭ᠎ᠠ ᠠᠭᠤᠵᠢᠷᠠᠠ ᠰᠠᠷᠠᠭᠤᠯᠵᠢᠵᠦ ᠠᠪᠤᠯ᠎ᠠ》᠃ ᠯᠢ ᠴᠧᠨ ᠰᠢ ᠪᠠᠰᠠ ᠠᠩᠬ᠎ᠠ ᠤᠳᠠᠭ᠎ᠠ ᠬᠥᠯᠥᠨ ᠪᠤᠢ᠌ᠷ᠎ᠲᠤ ᠢᠷᠡᠵᠦ᠍ ᠪᠠᠢᠨ᠎ᠠ᠃ 《〈ᠱᠢᠨ᠎ᠡ ᠭᠠᠷᠤᠭ᠎ᠠ〉 ᠭᠡᠬᠦ ᠳᠠᠭᠤᠤ᠎ᠨᠢ ᠬᠥᠮᠦᠰ ᠲᠤ᠌ ᠤᠷᠤᠭ᠍ᠰᠢᠯᠠᠨ ᠳᠠᠪᠱᠢᠬᠤ ᠢᠳᠡᠬᠡᠯ ᠵᠤᠷᠢᠭ᠎ᠢ ᠤᠯᠭᠤᠨ᠎ᠠ᠂ ᠡᠨᠡ ᠳᠠᠭᠤᠤ᠎ᠶ᠋ᠢ ᠳᠠᠭᠤᠯᠠᠵᠤ ᠥᠩᠭᠡᠷᠡᠭᠰᠡᠨ᠂ ᠰᠣᠨᠣᠰᠴᠤ᠌ ᠥᠩᠭᠡᠷᠡᠭ᠌ᠰᠡᠨ ᠬᠥᠮᠦᠰ ᠨᠢᠭᠡ ᠵᠦᠢᠯ᠎ᠤᠨ ᠡᠷᠴᠢ ᠬᠦᠴᠦᠨ᠎ᠲᠡᠶ ᠪᠣᠯᠵᠤ᠂ ᠥᠪᠡᠷ᠎ᠦᠨ ᠬᠦᠰᠡᠯ ᠵᠡᠭᠦᠳᠦ᠍᠎ᠪᠡᠨ ᠪᠣᠳᠣᠵᠤ ᠣᠯᠬᠤ ᠪᠤᠯᠤᠨ᠎ᠠ᠃ ᠠᠶ᠎ᠠ ᠳᠠᠭᠤᠤ᠎ᠪᠡᠷ᠎ᠢᠶᠡᠨ ᠲᠠᠮᠢᠷᠴᠢᠳ᠎ᠲᠤ ᠬᠦᠴᠦ᠍ᠨ ᠨᠡᠮᠡᠷᠢᠯᠡᠬᠦ ᠪᠤᠯᠤᠭᠰᠠᠨ ᠳ᠋ᠠᠭᠠᠨ ᠮᠠᠰᠢ ᠪᠠᠶᠠᠷ ᠲᠠᠶ ᠪᠠᠢᠨ᠎ᠠ᠂ ᠣᠯᠠᠨ᠎ᠢᠶᠠᠷ᠎ᠢᠶᠠᠨ ᠥᠪᠡᠷ᠎ᠦᠨ ᠬᠦᠰᠡᠯ ᠵᠡᠭᠦᠳᠦ᠍᠎ᠪᠡᠨ ᠴᠢᠷᠮᠠᠢᠨ ᠪᠡᠶᠡᠯᠡᠭᠦᠯᠬᠦ᠌᠎ᠶ᠋ᠢ ᠬᠦᠰᠡᠵᠦ᠍ ᠪᠠᠢᠨ᠎ᠠ》 ᠭᠡᠵᠦ ᠯᠢ ᠴᠧᠨ ᠰᠢ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面