ᠰᠣᠶᠣᠯ ᠤᠷᠠᠯᠢᠭ > ᠠᠷᠪᠠᠨ ᠳᠥᠷᠪᠡᠳᠦᠭᠡᠷ ᠬᠤᠭᠤᠴᠠᠭᠠᠨ᠎ᠤ᠋ ᠡᠪᠦᠯ᠎ᠦ᠋ᠨ ᠤᠯᠠᠷᠢᠯ᠎ᠤ᠋ᠨ ᠲᠠᠮᠢᠷ᠎ᠤ᠋ᠨ ᠴᠤᠭᠯᠠᠭᠠᠨ

2024-02-17 13:01:12

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠠᠯᠤᠰ ᠴᠤᠪᠤᠭᠤ ᠣᠩᠱᠢᠭ᠍ᠰᠠᠨ ᠣᠳᠠᠭ᠎ᠠ᠄ 3

ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠨᠢ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠳᠠᠷᠠᠭᠠᠬᠢ ᠤᠯᠤᠰ᠎ᠤᠨ ᠳᠣᠲᠣᠭᠠᠳᠤ᠎ᠳᠤ ᠠᠩᠬ᠎ᠠ ᠤᠳᠠᠭ᠎ᠠ ᠡᠷᠭᠢᠯᠡᠬᠦ ᠪᠡᠷ ᠪᠠᠢᠭ᠎ᠠ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠥᠷᠥᠯ ᠵᠦᠶ᠋ᠯ᠎ᠦᠨ ᠶᠡᠷᠦᠩᠬᠡᠢᠯᠡᠭ᠌ᠰᠡᠨ ᠴᠢᠨᠠᠷᠲᠠᠶ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ ᠪᠣᠯᠤᠭ᠍ᠰᠠᠨ᠎ᠤ ᠬᠤᠪᠢ᠎ᠳᠤ ᠲᠣᠭ᠍ᠴᠢ ᠡᠩᠨᠡᠭᠡ ᠨᠢ ᠪᠠᠰᠠ ᠨᠢᠭᠡᠨ ᠬᠢᠯᠠᠰ ᠴᠡᠭ ᠪᠤᠯᠪᠠ᠃

ᠲᠣᠰ ᠤᠳᠠᠭᠠᠨ᠎ᠤ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ ᠎ᠤᠨ ᠲᠤᠭ᠍ᠴᠢ ᠨᠢ 《ᠪᠥᠬᠥ᠌ ᠤᠯᠤᠰ᠎ᠤᠨ ᠠᠷᠠᠳ ᠲᠦᠮᠡᠨ᠎ᠳᠦ ᠲᠠᠭᠠᠱᠢᠶᠠᠭ᠍ᠳᠠᠭ᠍ᠰᠠᠨ ᠠᠯᠪᠠᠲᠠᠨ》 ᠪᠠᠭᠠᠳᠤᠷ᠂ ᠳᠤᠮᠳᠠᠳᠤ ᠤᠯᠤᠰ᠎ᠤᠨ ᠵᠠᠯᠠᠭᠤ ᠰᠠᠢᠨ ᠳᠤᠷᠠᠴᠤᠳ᠎ᠤᠨ ᠱᠢᠯᠢᠳᠡᠭ ᠬᠤᠪᠢ ᠬᠥᠮᠦᠨ᠎ᠦ ᠱᠠᠩᠨᠠᠯ ᠬᠦᠷᠲᠡᠭ᠌ᠴᠢ ᠹᠦ ᠪᠢᠨᠭ ᠪᠢᠨᠭ᠂ ᠤᠮᠠᠷᠠᠳᠤ ᠬᠢᠯᠢ ᠵᠢᠨ ᠵᠢᠱ᠌ᠢᠶᠡᠴᠢ ᠵᠢᠨ ᠢᠷᠠᠭᠤ ᠠᠯᠳᠠᠷ᠎ᠢ ᠬᠦᠷᠳᠡᠭᠴᠢ ᠸᠠᠩ ᠠᠶ ᠯᠢᠨ᠂ ᠪᠥᠬᠥ᠌ ᠤᠯᠤᠰ᠎ᠤᠨ 《5. 1》 ᠵᠢᠨ ᠬᠥᠳᠡᠯᠮᠦᠷᠢᠴᠢᠳ᠎ᠤᠨ ᠱᠠᠩᠨᠠᠯ ᠬᠦᠷᠳᠡᠭᠴᠢ ᠵᠠᠩ ᠵᠢᠩ ᠢᠦᠢ᠂ ᠪᠥᠬᠥ᠌ ᠤᠯᠤᠰ᠎ᠤᠨ ᠡᠯᠡᠰᠦᠷᠭᠡᠭᠵᠢᠯ᠎ᠢ ᠰᠡᠷᠭᠡᠢᠯᠡᠨ ᠡᠯᠡᠰᠦ᠎ᠶ᠋ᠢ ᠵᠠᠰᠠᠭ᠍ᠰᠠᠨ ᠵᠢᠱ᠌ᠢᠶᠡᠴᠢ ᠶᠢᠨ ᠢᠦᠶ ᠵᠧᠨ᠂ ᠪᠦᠬᠦ ᠤᠯᠤᠰ᠎ᠤᠨ ᠬᠦᠳᠡᠯᠮᠦᠷᠢ ᠵᠢᠨ ᠵᠢᠱ᠌ᠢᠶᠡᠴᠢ ᠯᠢ ᠢ ᡁᠢ᠂ 《ᠳᠤᠮᠳᠠᠳᠤ ᠤᠯᠤᠰ᠎ᠤᠨ ᠵᠡᠪᠰᠡᠭ᠌ᠲᠦ ᠴᠠᠭ᠍ᠳᠠᠭ᠎ᠠ᠎ᠶ᠋ᠢᠨ ᠰᠢᠳᠤᠷᠭᠤ ᠬᠠᠮᠠᠭᠠᠯᠠᠭ᠍ᠴᠢ》 ᠰᠠᠩ ᠬᠤᠨᠭ᠌ ᠢᠦᠶ᠂ 《ᠲᠤᠮᠳᠠᠳᠤ ᠤᠯᠤᠰ᠎ᠤᠨ ᠬᠠᠳᠬᠤᠮᠠᠯ᠎ᠤᠨ ᠪᠤᠳᠠᠰ᠎ᠤᠨ ᠪᠤᠰᠤ ᠰᠤᠶᠤᠯ᠎ᠤᠨ ᠦᠪ᠎ᠢ ᠲᠦᠭᠡᠮᠡᠯᠵᠢᠬᠦᠯᠬᠦ ᠡᠯᠴᠢ 》 ᠪᠠᠢ ᠵᠢᠨᠭ ᠶᠢᠨᠭ᠌ ᠵᠡᠷᠭᠡ ᠮᠠᠨ᠎ᠤ ᠤᠷᠤᠨ᠎ᠤ ᠡᠯ᠎ᠡ ᠠᠵᠢᠯ ᠲᠥᠷᠥᠯ᠎ᠦᠨ ᠲᠡᠷᠢᠭᠦᠨ᠎ᠦ ᠨᠡᠢᠲᠡᠯᠢᠭ ᠵᠢᠱ᠌ᠢᠶ᠎ᠡ ᠪᠤᠯᠬᠤ 8 ᠬᠦᠮᠦᠨ ᠵᠢᠡᠷ ᠪᠦᠷᠢᠯᠳᠦᠵᠡᠢ᠃ ᠲᠡᠳᠡ ᠡᠷᠡᠮᠡᠬᠡᠢᠯᠡᠨ ᠵᠢᠳᠭᠦᠭᠦ ᠵᠤᠷᠢᠭ ᠰᠠᠨᠠᠭ᠎ᠠ ᠪᠡᠷ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠲᠡᠮᠡᠴᠡᠯ᠎ᠦᠨ ᠬᠠᠭᠤᠳᠠᠰᠤ᠎ᠶ᠋ᠢ ᠪᠢᠴᠢᠭ᠌ᠯᠡᠵᠦ᠍ ᠂ ᠲᠣᠰ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠲᠣᠭ᠎ᠢ ᠥᠨᠳᠥᠷ ᠮᠠᠨᠳᠤᠭᠤᠯᠬᠤ᠎ᠪᠠᠷ ᠪᠠᠷᠠᠬᠤ ᠥᠬᠡᠶ᠂ ᠨᠠᠩ ᠴᠤ᠌ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠢ ᠬᠥᠲᠥᠯᠥᠨ ᠳᠠᠭᠠᠭᠤᠯᠵᠤ ᠰᠠᠢᠨ ᠰᠠᠢᠬᠠᠨ ᠬᠡᠷ ᠣᠷᠣᠨ᠎ᠢᠶᠠᠨ ᠬᠠᠮᠲᠤ᠎ᠪᠠᠷ ᠪᠥᠲᠥᠭᠡᠨ ᠪᠠᠢᠭᠤᠯᠬᠤ ᠵᠣᠷᠢᠭ ᠰᠠᠨᠠᠭᠠᠨ᠎ᠤ ᠲᠣᠭ᠎ᠢ ᠥᠨᠳᠥᠷ ᠮᠠᠨᠳᠤᠭᠤᠯᠬᠤ ᠪᠤᠯᠤᠨ᠎ᠠ᠃

ᠲᠤᠭ᠍ᠴᠢ᠎ᠶᠢᠨ ᠡᠩᠨᠡᠭᠡ ᠵᠢᠨ ᠨᠢᠭᠡ ᠪᠤᠯᠬᠤ ᠪᠠᠶ ᠵᠢᠩ ᠶᠢᠨᠭ ᠪᠤᠯ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠬᠠᠳᠭᠤᠮᠠᠯ᠎ᠤᠨ ᠨᠡᠢᠭᠡᠮᠯᠢᠭ᠎ᠦᠨ ᠳᠠᠷᠤᠭ᠎ᠠ᠂《ᠳᠤᠮᠳᠠᠳᠤ ᠤᠯᠤᠰ᠎ᠤᠨ ᠬᠠᠳᠭᠤᠮᠠᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠳᠡᠯᠭᠡᠷᠡᠭᠦᠯᠬᠦ᠌ ᠡᠯᠴᠢᠨ》᠂ 《 ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠵᠤ ᠱᠢᠨ᠎ᠡ᠎ᠶ᠋ᠢ ᠡᠭᠦᠳᠦᠭ᠌ᠰᠡᠨ ᠭᠠᠪᠢᠶᠠᠲᠤ ᠵᠢᠱ᠌ᠢᠶᠡᠴᠢ 》 ᠪᠤᠯᠤᠨ᠎ᠠ᠃ ᠪᠠᠶ ᠵᠢᠩ ᠶᠢᠨᠭ ᠄ 《ᠪᠢ ᠲᠤᠭᠴᠢ ᠪᠤᠯᠤᠭᠰᠠᠨ᠎ᠳᠠᠭᠠᠨ ᠲᠤᠨᠭ᠌ ᠢᠷᠠᠭᠤ ᠠᠯᠳᠠᠷ ᠲᠠᠢ ᠰᠠᠨᠠᠭᠳᠠᠵᠦ ᠪᠠᠢᠨ᠎ᠠ᠃ ᠬᠤᠢᠰᠢᠲᠠ ᠤᠷᠤᠨ ᠨᠤᠲᠤᠭ᠎ᠶ᠋ᠢᠡᠨ ᠬᠦᠭᠵᠢᠬᠦᠯᠦᠨ ᠮᠠᠨᠳᠤᠭᠤᠯᠬᠤ᠎ᠳᠦ ᠨᠡᠨᠭ ᠢᠯᠡᠭᠦᠦ ᠬᠦᠴᠦᠨ ᠴᠢᠳᠠᠯ᠎ᠶ᠋ᠢᠡᠨ ᠡᠷᠭᠦᠭᠦ ᠪᠡᠷ ᠴᠢᠷᠮᠠᠢᠨ᠎ᠠ》 ᠭᠡᠵᠦ ᠰᠤᠷᠪᠤᠯᠵᠢᠯᠠᠭ᠎ᠠ ᠬᠦᠯᠢᠶᠡᠬᠦ᠎ᠳᠡᠭᠡᠨ ᠶᠠᠷᠢᠵᠦ ᠪᠠᠢᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面