ᠰᠣᠶᠣᠯ ᠤᠷᠠᠯᠢᠭ > ᠠᠷᠪᠠᠨ ᠳᠥᠷᠪᠡᠳᠦᠭᠡᠷ ᠬᠤᠭᠤᠴᠠᠭᠠᠨ᠎ᠤ᠋ ᠡᠪᠦᠯ᠎ᠦ᠋ᠨ ᠤᠯᠠᠷᠢᠯ᠎ᠤ᠋ᠨ ᠲᠠᠮᠢᠷ᠎ᠤ᠋ᠨ ᠴᠤᠭᠯᠠᠭᠠᠨ

2024-02-17 13:07:41

ᠵᠣᠬᠢᠶᠠᠭ᠍ᠴᠢ᠄ ᠭᠦᠸᠧ ᠴᠢ ᠨᠠᠨ ᠴᠢᠮᠡᠭᠡᠯᠡᠭ᠌ᠴᠢ ᠱᠠᠩ ᠶᠦᠨ ᠱᠢᠶᠠ ᠣᠩᠱᠢᠭ᠍ᠰᠠᠨ ᠣᠳᠠᠭ᠎ᠠ᠄ 3

ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠳ᠋ᠤ᠌ ᠠᠮᠤᠷ ᠲᠦᠪᠱᠢᠨ᠎ᠢᠶᠡᠷ ᠴᠠᠬᠢᠯᠭᠠᠨ ᠬᠠᠩᠭᠠᠬᠤ᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ᠎ᠦᠨ ᠤᠯᠠᠭᠠᠨᠴᠠᠪ᠎ᠤᠨ ᠯᠢᠶᠠᠩᠴᠧᠩ ᠳ᠋ᠡᠬᠢ ᠴᠠᠬᠢᠯᠭᠠᠨ ᠬᠠᠩᠭᠠᠬᠤ ᠺᠣᠮᠫᠠᠨᠢ᠎ᠳᠤ ᠴᠠᠬᠢᠯᠭᠠᠨ᠎ᠢ ᠪᠠᠲᠤᠯᠠᠬᠤ ᠤᠳᠤᠷᠢᠳᠭᠤ ᠳᠤᠭᠤᠢᠯᠠᠩ ᠪᠠᠢᠭᠤᠯᠤᠬᠳᠠᠵᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠬᠤᠭᠤᠴᠠᠭᠠᠨ᠎ᠳᠠᠬᠢ ᠴᠠᠬᠢᠯᠭᠠᠨ ᠬᠠᠩᠭᠠᠬᠤ ᠠᠵᠢᠯ᠎ᠢ ᠲᠠᠰ ᠳᠡᠪᠱᠢᠭᠦᠯᠦᠨ ᠬᠠᠮᠢᠶᠠᠷᠤᠨ ᠡᠵᠡᠮᠳᠡᠵᠦ᠍᠂ 7 ᠰᠠᠯᠠᠭ᠎ᠠ ᠨᠠᠮ᠎ᠤᠨ ᠭᠡᠱᠢᠭᠦᠨ᠎ᠦ ᠭᠠᠪᠱᠢᠭᠠᠶ ᠡᠩᠨᠡᠭᠡ᠎ᠶ᠋ᠢ ᠵᠣᠬᠢᠶᠠᠨ ᠪᠠᠢᠭᠤᠯᠵᠤ᠂ ᠨᠡᠢᠲᠡ 60 ᠭᠠᠷᠤᠶ ᠬᠥᠮᠦᠨ ᠴᠠᠭ ᠢᠮᠠᠭ᠍ᠲᠠ ᠵᠠᠷᠯᠢᠭ ᠬᠦᠯᠢᠶᠡᠬᠦ ᠳ᠋ᠦ ᠪᠡᠯᠡᠬᠡᠨ ᠪᠤᠯᠵᠦ᠍᠂ ᠠᠵᠢᠯᠲᠠᠨ᠂ ᠡᠳ᠋ ᠪᠣᠳᠠᠰ᠂ ᠲᠡᠷᠭᠡ ᠬᠥᠰᠭᠡ 《ᠭᠤᠷᠪᠠ᠎ᠶ᠋ᠢ ᠲᠤᠢᠯᠪᠤᠷᠢᠳᠠᠢ ᠨᠠᠢᠳᠠᠪᠤᠷᠢᠵᠢᠭᠤᠯᠬᠤ》 ᠶ᠋ᠢ ᠪᠡᠶᠡᠯᠡᠭᠦᠯᠪᠡ᠃ ᠴᠠᠬᠢᠯᠭᠠᠨ ᠪᠠᠲᠤᠯᠠᠬᠤ ᠠᠵᠢᠯᠲᠠᠨ ᠬᠢᠭᠡᠳ ᠴᠠᠬᠢᠯᠭᠠᠨ ᠬᠠᠩᠭᠠᠬᠤ ᠵᠢ ᠪᠠᠲᠤᠯᠠᠬᠤ ᠡᠭᠦᠷᠭᠡ᠎ᠶ᠋ᠢ ᠵᠣᠬᠢᠴᠠᠭᠤᠯᠤᠨ ᠬᠤᠪᠢᠶᠠᠷᠢᠯᠠᠵᠤ ᠨᠠᠢᠳᠠᠪᠤᠷᠢᠵᠢᠭᠤᠯᠤᠨ᠂ ᠴᠠᠬᠢᠯᠭᠠᠨ ᠪᠠᠲᠤᠯᠠᠬᠤ ᠣᠷᠣᠨ ᠪᠠᠢᠷᠢ ᠪᠦᠬᠦᠨ᠎ᠳᠦ ᠴᠥᠮ ᠲᠤᠰᠭᠠᠶ ᠬᠥᠮᠦᠨ ᠬᠠᠷᠠᠵᠤ ᠰᠠᠬᠢᠵᠤ᠂ ᠲᠡᠷᠡ ᠲᠠᠷᠤᠢ ᠳ᠋ᠤᠨᠢ ᠬᠦᠯᠢᠶᠠᠨ ᠠᠪᠴᠤ ᠱᠢᠶ᠋ᠳᠪᠦᠷᠢᠯᠡᠬᠦ᠌᠎ᠶ᠋ᠢ ᠦᠨᠡᠨ᠎ᠬᠦ᠌ ᠪᠠᠲᠤᠯᠠᠵᠦ ᠪᠤᠢ᠃

ᠣᠢᠷ᠎ᠠ᠎ᠳᠤ᠂ ᠯᠢᠶᠠᠩᠴᠧᠩ ᠳ᠋ᠡᠬᠢ ᠴᠠᠬᠢᠯᠭᠠᠨ ᠬᠠᠩᠭᠠᠬᠤ ᠺᠣᠮᠫᠠᠨᠢ᠎ᠶ᠋ᠢᠨ ᠨᠠᠮ᠎ᠤᠨ ᠭᠡᠱᠢᠭᠦᠨ᠎ᠤ ᠭᠠᠪᠱᠢᠭᠠᠶ ᠠᠩᠭᠢ᠎ᠶ᠋ᠢᠨ ᠭᠡᠱᠢᠭᠦᠳ ᠣᠯᠠᠨ ᠤᠳᠠᠭ᠎ᠠ ᠴᠠᠬᠢᠯᠭᠠᠨ ᠬᠠᠩᠭᠠᠬᠤ ᠵᠢ ᠪᠠᠳᠤᠯᠠᠬᠤ᠎ᠳᠤ ᠬᠣᠯᠪᠣᠭ᠍ᠳᠠᠬᠤ ᠬᠡᠯᠬᠢᠶ᠎ᠡ᠎ᠶᠢᠨ ᠲᠤᠨᠤᠭ ᠲᠥᠬᠥᠭᠡᠷᠦᠮᠵᠢ᠎ᠳᠦ ᠣᠨᠴᠠᠭᠠᠢ ᠪᠠᠢᠴᠠᠭᠠᠯᠲᠠ ᠬᠢᠵᠦ᠂ ᠭᠤᠤᠯᠳᠠᠭᠤ ᠴᠠᠬᠢᠯᠭᠠᠨ ᠬᠠᠩᠭᠠᠬᠤ ᠵᠢ ᠪᠠᠲᠤᠯᠠᠬᠤ ᠬᠡᠯᠬᠢᠶ᠎ᠡ᠎ᠶᠢᠨ ᠭᠡᠮᠲᠦᠯ ᠠᠮᠠᠷᠬᠠᠨ ᠡᠭᠦᠰᠭᠦ ᠣᠷᠣᠨ᠂ ᠨᠡᠪᠳᠡᠷᠡᠬᠦ ᠵᠠᠮ᠎ᠤᠨ ᠬᠣᠶᠠᠷ ᠲᠠᠯ᠎ᠠ᠂ ᠰᠣᠯᠪᠢᠴᠠᠨ ᠳᠠᠪᠠᠬᠤ᠎ᠳᠦ ᠴᠢᠭᠯᠡᠬᠦᠯᠦᠨ᠂ ᠡᠷᠭᠢᠨ ᠲᠣᠭᠣᠷᠢᠨ ᠨᠢ ᠪᠤᠳᠤᠯᠢᠶᠠᠨᠲᠠᠶ ᠱᠤᠩ ᠰᠤᠪᠤᠷᠭ᠎ᠠ᠎ᠶ᠋ᠢ ᠨᠢᠭᠡ ᠨᠢᠭᠡ ᠪᠡᠷ ᠳᠠᠷᠠᠭᠠᠯᠠᠨ ᠲᠣᠭᠣᠷᠢᠨ ᠪᠠᠢᠴᠠᠭᠠᠵᠤ᠂ ᠠᠯᠢᠪᠠ ᠠᠮᠤᠷ ᠲᠦᠪᠱᠢᠨ᠎ᠦ ᠭᠡᠮ ᠰᠤᠭᠤᠭ᠂ ᠬᠡᠯᠬᠢᠶᠡᠨ᠎ᠤ ᠭᠡᠮᠳᠦᠯ᠎ᠤᠨ ᠠᠰᠠᠭᠤᠳᠠᠯ ᠠᠮᠠᠷᠬᠠᠨ ᠡᠭᠦᠰᠬᠦ ᠱᠤᠩ᠎ᠤᠨ ᠰᠠᠭᠤᠷᠢ᠂ ᠲᠠᠲᠠᠮᠠᠯ ᠬᠥᠨᠳᠡᠢᠷᠡᠭᠦᠯᠦᠭ᠌ᠴᠢ᠂ ᠠᠶᠤᠩᠭ᠎ᠠ ᠵᠠᠢᠯᠠᠭᠤᠯᠤᠭ᠍ᠴᠢ᠂ ᠴᠠᠬᠢᠯᠭᠠᠨ ᠲᠦᠭᠡᠭᠡᠬᠦ᠌ ᠲᠥᠬᠥᠭᠡᠷᠦᠮᠵᠢ ᠵᠡᠷᠬᠡ᠎ᠶ᠋ᠢ ᠨᠠᠷᠢᠨ ᠪᠠᠢᠴᠠᠭᠠᠵᠤ᠂ ᠴᠠᠭ ᠲᠤᠬᠠᠶ᠎ᠳᠤᠨᠢ ᠥᠨᠳᠥᠷ ᠭᠠᠵᠠᠷ᠂ ᠪᠤᠳᠤᠯᠢᠶᠠᠨᠲᠠᠶ ᠭᠠᠵᠠᠷ᠎ᠤᠨ ᠪᠠᠢᠴᠠ᠎ᠳᠦ ᠤᠷᠤᠰᠢᠵᠤ ᠪᠠᠢᠭ᠎ᠠ ᠭᠡᠮ ᠰᠤᠭᠤᠭ᠎ᠢ ᠢᠯᠡᠷᠡᠬᠦᠯᠦᠨ᠂ ᠭᠡᠮ ᠰᠤᠭᠤᠭ᠎ᠢ ᠠᠷᠢᠯᠭᠠᠬᠤ ᠠᠵᠢᠯ᠎ᠢ ᠳᠠᠷᠤᠢ ᠲᠦᠷᠬᠡᠨ ᠦᠷᠨᠢᠭᠦᠯᠵᠦ᠂ ᠴᠠᠬᠢᠯᠭᠠᠨ ᠬᠦᠴᠦᠨ᠎ᠦ ᠬᠡᠯᠬᠢᠶ᠎ᠡ᠎ᠶᠢᠨ ᠲᠤᠨᠤᠭ ᠲᠥᠬᠥᠭᠡᠷᠦᠮᠵᠢ᠎ᠶ᠋ᠢᠨ ᠠᠵᠢᠯᠯᠠᠭᠠᠨ᠎ᠢ ᠨᠠᠩ ᠠᠮᠤᠷ ᠲᠦᠪᠱᠢᠨ ᠨᠠᠢᠳᠠᠪᠤᠷᠢᠲᠠᠶ ᠲᠣᠭ᠍ᠲᠠᠭᠤᠨ ᠪᠠᠢᠯᠭᠠᠬᠤ᠎ᠶ᠋ᠢ ᠪᠠᠲᠤᠯᠠᠪᠠ᠃

ᠣᠢᠯᠠᠭᠠᠭ᠍ᠰᠠᠨ᠎ᠢᠶᠠᠷ᠂ ᠲᠣᠰ ᠤᠳᠠᠭᠠᠨ᠎ᠤ ᠴᠠᠬᠢᠯᠭᠠᠨ ᠬᠠᠩᠭᠠᠬᠤ ᠵᠢ ᠪᠠᠲᠤᠯᠠᠬᠤ ᠬᠡᠪᠴᠢᠶ᠎ᠡ ᠨᠢ ᠨᠡᠢᠲᠡ 220 ᠺᠢᠯᠤᠸᠤᠯᠲ ᠪᠠᠢᠵᠤ᠂ ᠬᠠᠶ ᠴᠧᠩ ᠵᠡᠷᠭᠡ 5 ᠬᠦᠴᠦᠳᠡᠯ ᠥᠭᠡᠷᠡᠴᠢᠯᠡᠬᠦ᠌ ᠥᠷᠲᠡᠭᠡ᠎ᠳᠦ ᠬᠣᠯᠪᠣᠭ᠍ᠳᠠᠵᠤ᠂ 110 ᠺᠢᠯᠤᠸᠣᠯᠲ ᠵᠢᠴᠢ ᠲᠡᠭᠦᠨ᠎ᠡᠴᠡ ᠳᠣᠷᠣᠭ᠍ᠰᠢᠬᠢ ᠴᠠᠬᠢᠯᠭᠠᠨ ᠬᠦᠷᠭᠡᠵᠦ᠍ ᠲᠦᠭᠡᠭᠡᠬᠦ᠌ ᠬᠡᠯᠬᠢᠶ᠎ᠡ ᠨᠡᠢᠲᠡ 18 ᠵᠤᠷᠪᠤᠰ ᠪᠣᠶ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面