2024-02-17 12:56:27
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠨᠢ ᠶᠠᠭ ᠰᠠᠢᠬᠠᠨ ᠴᠠᠭᠠᠨ ᠰᠠᠷ᠎ᠠ ᠳ᠋ᠤ ᠲᠣᠬᠢᠶᠠᠵᠤ ᠬᠦᠨ ᠵᠤᠵᠠᠭᠠᠨ《ᠴᠠᠭᠠᠨ ᠰᠠᠷ᠎ᠠ᠎ᠶ᠋ᠢᠨ ᠦᠨᠦᠷ ᠠᠮᠲᠠ》 ᠨᠢ ᠡᠨᠡ ᠤᠳᠠᠭᠠᠨ᠎ᠤ ᠮᠥᠰᠥ᠍ ᠴᠠᠰᠤᠨ᠎ᠤ ᠦᠪᠡᠳᠡᠭ᠌ᠰᠢ ᠴᠤᠭ᠍ᠯᠠᠭᠠᠨ᠎ᠳᠤ ᠨᠠᠩ ᠣᠯᠠᠨ ᠤᠳᠬ᠎ᠠ ᠠᠭᠤᠯᠭ᠎ᠠ ᠵᠢ ᠨᠡᠮᠡᠷᠢᠯᠡᠭ᠌ᠰᠡᠨ ᠪᠠᠢᠨ᠎ᠠ᠃ ᠴᠠᠭᠠᠨ ᠰᠠᠷ᠎ᠠ᠎ᠵᠢᠨ ᠪᠠᠶᠠᠷᠵᠢᠷᠭᠠᠯ᠎ᠳᠤ ᠠᠭᠤᠷ ᠠᠮᠢᠰᠭᠤᠯ᠎ᠤᠨ ᠳᠤᠮᠳᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠨᠢ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠮᠥᠰᠥ᠍ ᠴᠠᠰᠤᠨ᠎ᠤ ᠪᠠᠶᠠᠰᠬᠤᠯᠠᠩᠲᠤ ᠳᠠᠭᠤᠤ ᠵᠢ ᠬᠠᠩᠬᠢᠨᠠᠭᠤᠯᠬᠤ᠌ ᠪᠣᠯᠤᠨ᠎ᠠ᠃
《ᠮᠥᠰᠥᠨ ᠳᠡᠭᠡᠷᠡᠬᠢ ᠱᠢᠲᠠᠷ᠎ᠠ ᠲᠠᠯᠪᠢᠬᠤ》 ᠦᠵᠡᠯᠴᠡᠭᠡᠨ ᠮᠦᠷᠦᠢᠴᠡᠭᠡᠨ ᠭᠠᠢᠬᠠᠯᠳᠠᠢ ᠰᠠᠢᠬᠠᠨ ᠶᠠᠪᠤᠭ᠍ᠳᠠᠵᠤ᠂ ᠣᠢᠷ᠎ᠠ ᠵᠠᠮ᠎ᠤᠨ ᠬᠤᠷᠳᠤᠨ ᠲᠡᠱᠢᠯᠲᠡ᠎ᠶ᠋ᠢᠨ ᠲᠡᠮᠡᠴᠡᠭᠡᠨ ᠣᠷᠭᠢᠯ᠎ᠳᠠᠭᠠᠨ ᠲᠤᠯᠪᠠ᠃ ᠣᠢᠷ᠎ᠠ᠎ᠳᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠭᠤᠯᠭᠤᠭᠤᠷ ᠴᠢᠯᠠᠭᠤᠨ ᠪᠦᠮᠪᠦᠭᠡ᠎ᠶ᠋ᠢᠨ ᠳᠤᠭᠤᠢᠯᠠᠩ᠎ᠤᠨ ᠴᠢᠯᠦᠭᠡᠲᠦ ᠤᠷᠤᠯᠳᠤᠭᠠᠨ ᠪᠠ ᠣᠢᠷ᠎ᠠ ᠵᠠᠮ᠎ᠤᠨ ᠬᠤᠷᠳᠤᠨ ᠲᠡᠱᠢᠯᠲᠡ᠎ᠶ᠋ᠢᠨ ᠳᠤᠭᠤᠢᠯᠠᠩ᠎ᠤᠨ ᠴᠢᠯᠦᠬᠡᠲᠦ ᠤᠷᠤᠯᠳᠤᠭᠠᠨ ᠵᠠᠯᠭᠠᠭ᠎ᠠ᠎ᠪᠠᠷ ᠡᠬᠢᠯᠡᠪᠡ᠃ ᠤᠷᠤᠯᠳᠤᠭᠠᠨ᠎ᠤ ᠲᠠᠯᠠᠪᠤᠷ᠎ᠲᠤ᠂ ᠮᠥᠰᠥ᠍ ᠴᠠᠰᠤᠨ᠎ᠤ ᠲᠠᠮᠢᠷᠴᠢᠳ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠬᠦᠳᠡᠯᠭᠡᠭᠡᠨ᠎ᠤ ᠬᠦᠰᠡᠯ ᠵᠡᠬᠦᠳᠦ᠎ᠪᠠᠨ ᠪᠡᠶᠡᠯᠡᠭᠦᠯᠬᠦ᠌ ᠣᠷᠭᠢᠯᠤᠮ᠎ᠠ ᠬᠠᠯᠠᠭᠤᠨ ᠰᠡᠳᠭᠢᠯᠭᠡ ᠢᠯᠡᠬᠡᠨ ᠪᠠᠢᠯ᠎ᠠ᠃ 《ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠳ᠋ᠦ ᠤᠷᠤᠯᠴᠠᠬᠤ ᠵᠢᠨ ᠲᠦᠯᠦᠬᠡ ᠪᠢᠳᠡ 8 ᠵᠢᠯ ᠴᠢᠷᠮᠠᠢᠵᠤ ᠪᠡᠯᠡᠳᠬᠡᠯᠠ᠂ ᠤᠳᠤ ᠤᠷᠤᠯᠳᠤᠭᠠᠨ᠎ᠤ ᠲᠠᠯᠠᠪᠤᠷ᠎ᠲᠤ ᠭᠠᠷᠬᠤ ᠪᠤᠯᠤᠭᠰᠠᠨ ᠳ᠋ᠠᠭᠠᠨ ᠪᠢ ᠦᠪᠡᠷ᠎ᠤᠨ ᠡᠷᠬᠡ ᠦᠬᠡᠢ ᠰᠡᠳᠭᠢᠯ ᠳᠣᠭ᠍ᠳᠣᠯᠵᠤ ᠪᠠᠢᠨ᠎ᠠ》 ᠭᠡᠵᠦ ᠥᠪᠥᠷ ᠮᠣᠩᠭᠣᠯ᠎ᠤᠨ ᠭᠤᠯᠭᠤᠭᠤᠷ ᠴᠢᠯᠠᠭᠤᠨ ᠪᠦᠮᠪᠦᠭᠡ᠎ᠶ᠋ᠢᠨ ᠠᠩᠭᠢ᠎ᠶ᠋ᠢᠨ ᠲᠠᠮᠢᠷᠴᠢᠨ ᠾᠧ ᠳ᠋ᠠᠨ ᠬᠡᠯᠡᠵᠦ ᠪᠠᠢᠯ᠎ᠠ᠃
ᠤᠷᠤᠯᠳᠤᠭᠠᠨ᠎ᠤ ᠲᠠᠯᠠᠪᠤᠷ᠎ᠲᠤ᠂ ᠪᠦᠬᠦ᠌ ᠤᠯᠤᠰ᠎ᠤᠨ ᠡᠯ᠎ᠡ ᠭᠠᠵᠠᠷ ᠡᠴᠡ ᠬᠦᠷᠦᠯᠴᠡᠨ ᠢᠷᠡᠭ᠌ᠰᠡᠨ ᠮᠦᠰᠦ ᠴᠠᠰᠤᠨ᠎ᠤ ᠪᠠᠬᠠᠲᠠᠳ ᠦᠪᠡᠳᠡᠭ᠌ᠰᠢ ᠴᠤᠭᠯᠠᠭᠠᠨ᠎ᠢ ᠵᠤᠷᠢᠬᠰᠠᠨ ᠬᠦᠰᠡᠯ ᠡᠷᠡᠮᠡᠯᠵᠡᠯ᠎ᠢᠶᠡᠷ ᠪᠢᠯᠬᠠᠮ᠎ᠠ ᠪᠠᠢᠯ᠎ᠠ᠃ 《ᠥᠪᠥᠷ ᠮᠣᠩᠭᠣᠯ᠎ᠤᠨ ᠣᠢᠷ᠎ᠠ ᠵᠠᠮ᠎ᠤᠨ ᠬᠤᠷᠳᠤᠨ ᠲᠡᠱᠢᠯᠲᠡ᠎ᠶ᠋ᠢᠨ ᠠᠩᠭᠢ ᠪᠣᠯ ᠣᠢᠷ᠎ᠠ᠎ᠶ᠋ᠢᠨ ᠵᠢᠯ᠎ᠡᠴᠡ ᠨᠠᠭᠠᠱᠢᠬᠢ ᠤᠯᠤᠰ᠎ᠤᠨ ᠳᠣᠲᠣᠭᠠᠳᠤ᠎ᠶ᠋ᠢᠨ ᠬᠥᠭ᠌ᠵᠢᠨ ᠮᠠᠨᠳᠤᠭ᠍ᠰᠠᠨ ᠱᠢᠨ᠎ᠡ ᠬᠦᠴᠦᠨ ᠮᠥᠨ᠂ ᠲᠡᠳᠡᠨ᠎ᠦ ᠨᠤᠲᠤᠭ ᠤᠰᠤᠨᠳ᠋ᠠᠭᠠᠨ ᠶᠠᠪᠤᠬᠳᠠᠬᠤ ᠤᠷᠤᠯᠳᠤᠭᠠᠨ᠎ᠤ ᠲᠠᠯᠠᠪᠤᠷ ᠲᠤ᠌ ᠰᠠᠢᠨ ᠬᠢᠷᠢ ᠪᠦᠲᠦᠮᠵᠢ ᠤᠯᠬᠤ ᠵᠢ ᠪᠢ ᠶᠡᠬᠡᠳᠡ ᠬᠦᠰᠡᠨ ᠬᠦᠯᠢᠶᠡᠵᠦ᠍ ᠪᠠᠢᠨ᠎ᠠ 》 ᠭᠡᠵᠦ᠍ ᠪᠡᠭᠡᠵᠢᠩ᠎ᠦᠨ ᠮᠥᠰᠥ ᠴᠠᠰᠤᠨᠤᠪᠠᠬᠠᠲᠠᠨ ᠰᠦᠨ ᠰᠢ ᠬᠡᠯᠡᠨ᠎ᠡ᠃
ᠡᠨᠡ ᠬᠦ᠌ ᠬᠠᠯᠠᠭᠤᠨ ᠰᠡᠳᠭᠢᠯᠭᠡ ᠪᠠ ᠬᠦᠰᠡᠯ ᠡᠷᠡᠮᠡᠯᠵᠡᠯ᠎ᠢ ᠬᠦᠰᠡᠷᠳᠡᠬᠦᠯᠬᠦ ᠦᠬᠡᠢ ᠵᠢᠨ ᠲᠦᠯᠦᠬᠡ ᠮᠠᠨ ᠤ ᠤᠷᠤᠨ ᠪᠥᠬᠥ᠌ ᠬᠦᠴᠦᠨ᠎ᠢᠶᠡᠷ᠎ᠢᠶᠡᠨ ᠥᠨᠳᠥᠷ ᠪᠠᠷᠢᠮᠵᠢᠶ᠎ᠠ᠂ ᠴᠢᠨᠠᠷ ᠰᠠᠢᠲᠠᠶ᠂ ᠥᠨᠳᠥᠷ ᠦᠷ᠎ᠡ ᠪᠦᠲᠦᠮᠵᠢᠲᠡᠶ᠎ᠪᠡᠷ ᠡᠯ᠎ᠡ ᠵᠦᠶ᠋ᠯ᠎ᠦᠨ ᠪᠡᠯᠡᠳᠭᠡᠯ ᠠᠵᠢᠯ᠎ᠢ ᠰᠠᠢᠲᠤᠷ ᠬᠢᠬᠦ᠌ ᠬᠦᠴᠦᠲᠡᠶ ᠠᠷᠭ᠎ᠠ ᠬᠡᠮᠵᠢᠶ᠎ᠡ ᠠᠪᠴᠠᠢ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠥᠪᠥᠷ ᠮᠣᠩᠭᠣᠯ᠎ᠤᠨ ᠬᠥᠯᠥᠨ ᠪᠣᠢᠷ᠂ ᠤᠯᠠᠭᠠᠨᠴᠠᠪ᠂ ᠤᠯᠠᠭᠠᠨᠬᠠᠳᠠ 3 ᠤᠷᠤᠯᠳᠤᠭᠠᠨ᠎ᠤ ᠲᠣᠭᠣᠷᠢᠭ᠎ᠲᠤ 11 ᠶᠡᠬᠡ ᠲᠦᠷᠦᠯ ᠵᠦᠢᠯ᠂ 18 ᠬᠤᠪᠢᠶᠠᠷᠢ ᠲᠥᠷᠥᠯ ᠵᠦᠢᠯ᠂ 176 ᠪᠠᠭ᠎ᠠ ᠲᠥᠷᠥᠯ ᠵᠦᠢᠯ᠎ᠦᠨ ᠤᠷᠤᠯᠳᠤᠭᠠᠨ᠎ᠢ ᠶᠠᠪᠤᠭᠤᠯᠬᠤ ᠪᠤᠯᠤᠨ᠎ᠠ᠃ ᠬᠥᠯᠥᠨ ᠪᠣᠢᠷ ᠬᠣᠲᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠭᠤᠤᠯ ᠤᠷᠤᠯᠳᠤᠭᠠᠨ᠎ᠤ ᠲᠣᠭᠣᠷᠢᠭ ᠪᠣᠯᠤᠭ᠍ᠰᠠᠨ᠎ᠤ ᠬᠤᠪᠢ᠎ᠳᠤ᠂ ᠡᠬᠢᠯᠡᠯᠲᠡ᠎ᠶ᠋ᠢᠨ ᠶᠣᠰᠣᠯᠠᠯ᠂ ᠲᠡᠭᠦᠰᠭᠦ ᠶᠣᠰᠣᠯᠠᠯ ᠪᠠ 5 ᠶᠡᠬᠡ ᠲᠥᠷᠥᠯ ᠵᠦᠢᠯ᠂ 8 ᠬᠤᠪᠢᠶᠠᠷᠢ ᠲᠥᠷᠥᠯ ᠵᠦᠢᠯ᠂ 96 ᠪᠠᠭ᠎ᠠ ᠲᠥᠷᠥᠯ ᠵᠦᠢᠯ᠎ᠢ ᠪᠡᠯᠡᠳᠭᠡᠬᠦ ᠡᠭᠦᠷᠭᠡ᠎ᠶ᠋ᠢ ᠡᠭᠦᠷᠭᠡᠯᠡᠵᠦ᠍ ᠪᠣᠶ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠤᠳᠠᠯ ᠥᠬᠡᠶ ᠡᠬᠢᠯᠡᠬᠦ᠌ ᠪᠡᠷ ᠪᠠᠢᠭ᠎ᠠ ᠦᠶ᠎ᠡ᠎ᠳᠦ᠂ ᠬᠥᠯᠥᠨ ᠪᠣᠢᠷ ᠬᠣᠲᠠ᠎ᠶ᠋ᠢᠨ ᠡᠯ᠎ᠡ ᠵᠦᠶ᠋ᠯ᠎ᠦᠨ ᠪᠡᠯᠡᠳᠭᠡᠯ ᠠᠵᠢᠯ ᠨᠢᠭᠡᠨᠲᠡ ᠪᠦᠬᠦᠨ᠎ᠢᠶᠡᠷ᠎ᠢᠶᠡᠨ ᠳᠠᠭᠤᠰᠪᠠ᠃
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠠᠯᠪᠠᠨ᠎ᠤ ᠲᠠᠯ᠎ᠠ᠎ᠶ᠋ᠢᠨ ᠭᠥᠯᠢᠶᠡᠨ ᠠᠪᠴᠤ᠌ ᠵᠣᠴᠢᠯᠠᠬᠤ ᠪᠠᠲᠤᠯᠠᠭ᠎ᠠ᠎ᠶ᠋ᠢᠨ ᠪᠠᠭᠤᠳᠠᠯ᠎ᠤᠨ ᠨᠢᠭᠡ ᠪᠣᠯᠬᠤ ᠬᠠᠢᠯᠠᠷ ᠲᠣᠭᠣᠷᠢᠭ᠎ᠤᠨ ᠺᠠᠶ ᠵᠢᠩ ᠵᠢᠶᠠ ᠬᠤᠸᠠ ᠵᠣᠴᠢᠳ᠎ᠤᠨ ᠪᠠᠭᠤᠳᠠᠯ ᠳ᠋ᠤ ᠤᠷᠤᠬᠤ ᠳ᠋ᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠤᠬᠠᠭᠤᠯᠭ᠎ᠠ᠎ᠶ᠋ᠢᠨ ᠦᠵᠡᠭᠦᠯᠭᠡ᠎ᠶ᠋ᠢᠨ ᠰᠠᠮᠪᠠᠷ᠎ᠠ᠂ ᠢᠯᠡᠷᠬᠡᠢᠯᠡᠯ ᠲᠡᠮᠳᠡᠭ ᠭᠠᠵᠠᠷ ᠰᠠᠶ ᠥᠬᠡᠶ ᠬᠠᠷᠠᠭ᠍ᠳᠠᠵᠤ᠂ ᠤᠷᠤᠯᠳᠤᠭᠠᠨ᠎ᠤ ᠠᠭᠤᠷ ᠠᠮᠢᠰᠭᠤᠯ ᠮᠠᠰᠢ ᠬᠦᠨ ᠵᠤᠵᠠᠭᠠᠨ ᠪᠠᠢᠯ᠎ᠠ᠃ ᠺᠠᠶ ᠵᠢᠩ ᠵᠢᠶᠠ ᠬᠤᠸᠠ ᠪᠠᠭᠤᠳᠠᠯ᠎ᠤᠨ ᠪᠣᠷᠣᠯᠠᠭᠤᠯᠭ᠎ᠠ᠎ᠶ᠋ᠢᠨ ᠬᠡᠯᠲᠡᠰ᠎ᠦᠨ ᠬᠠᠷᠢᠭᠤᠴᠠᠯᠭᠠᠲᠠᠨ ᠰᠤᠷᠪᠤᠯᠵᠢᠯᠠᠭ᠍ᠴᠢ᠎ᠳᠤ᠂ ᠲᠠᠮᠢᠷᠴᠢᠳ᠎ᠲᠤ ᠨᠠᠩ ᠰᠠᠢᠲᠤᠷ ᠦᠶ᠋ᠯᠡᠴᠢᠯᠡᠬᠦ᠌᠎ᠶ᠋ᠢᠨ ᠲᠥᠯᠥᠭᠡ᠂ ᠪᠠᠭᠤᠳᠠᠯ᠎ᠨᠢ ᠶᠣᠰᠣᠯᠠᠯ᠎ᠤᠨ ᠦᠶ᠋ᠯᠡᠴᠢᠯᠡᠭᠡ᠂ ᠬᠠᠯᠠᠭᠤᠨ ᠲᠤᠳᠤᠨᠤᠰᠤᠭ ᠦᠶ᠋ᠯᠡᠴᠢᠯᠡᠭᠡ᠂ ᠵᠣᠴᠢᠳ᠎ᠤᠨ ᠥᠷᠥᠭᠡ ᠵᠢᠨ ᠦᠶ᠋ᠯᠡᠴᠢᠯᠡᠭᠡ᠂ ᠢᠳᠡᠭᠡᠨ ᠤᠮᠳᠠᠭᠠᠨ᠎ᠤ ᠦᠶ᠋ᠯᠡᠴᠢᠯᠡᠭᠡ᠂ ᠭᠠᠯ ᠰᠡᠷᠭᠡᠢᠯᠡᠯᠲᠡ᠎ᠶ᠋ᠢᠨ ᠠᠮᠤᠷ ᠲᠦᠪᠱᠢᠨ ᠵᠡᠷᠭᠡ ᠠᠭᠤᠯᠭ᠎ᠠ᠎ᠵᠢᠨ ᠲᠠᠯ᠎ᠠ ᠪᠡᠷ ᠪᠥᠬᠥ᠌ ᠠᠵᠢᠯᠲᠠᠨ᠎ᠳ᠋ᠤ ᠪᠤᠯᠪᠠᠰᠤᠷᠠᠯ ᠬᠦᠷᠳᠡᠬᠡᠵᠡᠢ ᠬᠡᠵᠤ ᠢᠯᠡᠳᠬᠡᠪᠡ᠃
ᠢᠳᠡᠭᠡᠨ ᠤᠮᠳᠠᠭᠠᠨ᠎ᠤ ᠪᠠᠲᠤᠯᠠᠭ᠎ᠠ᠎ᠶ᠋ᠢᠨ ᠲᠠᠯ᠎ᠠ᠎ᠪᠠᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠪᠡᠯᠡᠳᠭᠡᠯ ᠺᠣᠮᠢᠰ᠎ᠤᠨ ᠭᠥᠯᠢᠶᠡᠨ ᠠᠪᠬᠤ ᠬᠡᠯᠲᠡᠰ ᠤ᠋ᠨ ᠬᠢᠨ ᠡᠯ᠎ᠡ ᠤᠷᠤᠯᠳᠤᠭᠠᠨ᠎ᠤ ᠲᠣᠭᠣᠷᠢᠭ᠎ᠤᠨ ᠬᠢᠨᠢ ᠵᠣᠬᠢᠶᠠᠨ ᠪᠠᠢᠭᠤᠯᠬᠤ ᠺᠣᠮᠢᠰ ᠡᠴᠡ ᠲᠤᠬᠳᠠᠭᠠᠬᠰᠠᠨ ᠲᠠᠮᠢᠷᠴᠢᠳ᠎ᠤᠨ ᠬᠣᠭᠣᠯᠠ ᠢᠳᠡᠬᠦ᠌ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ ᠢᠳᠡᠭᠡᠨ᠎ᠦ ᠮᠠᠲ᠋ᠧᠷᠢᠶᠠᠯ᠎ᠤᠨ ᠬᠠᠩᠭᠠᠯᠭ᠎ᠠ᠎ᠶ᠋ᠢ ᠰᠠᠢᠲᠤᠷ ᠬᠢᠵᠦ᠍᠂ ᠬᠣᠭᠣᠯᠠ ᠤᠮᠳᠠ᠎ᠶ᠋ᠢ ᠤᠷᠤᠯᠳᠤᠭᠠᠨ᠎ᠤ ᠶᠠᠪᠤᠳᠠᠯ᠎ᠤᠨ ᠱᠠᠭᠠᠷᠳᠠᠯᠭ᠎ᠠ ᠶᠣᠰᠣᠭᠠᠷ ᠪᠡᠯᠡᠳᠬᠡᠨ ᠬᠠᠮᠢᠶᠠᠷᠬᠤ᠎ᠶ᠋ᠢ ᠴᠢᠩᠳᠠᠯᠠᠵᠤ᠂ ᠬᠣᠭᠣᠯᠠ ᠤᠮᠳᠠ᠎ᠶ᠋ᠢᠨ ᠠᠮᠤᠷ ᠲᠦᠪᠱᠢᠨ᠂ ᠨᠣᠭᠣᠭ᠎ᠠ ᠴᠠᠭ᠎ᠠ᠎ᠶ᠋ᠢᠨ ᠬᠡᠯᠪᠡᠷᠢ ᠪᠠᠶᠠᠯᠢᠭ᠂ ᠱᠢᠮ᠎ᠡ ᠲᠡᠵᠢᠭᠡᠯ ᠲᠡᠩᠴᠡᠭᠦᠷᠢᠲᠡᠶ᠂ ᠲᠣᠬᠢᠷᠠᠭᠤᠯᠤᠯᠲᠠ ᠱᠢᠨᠵᠢᠯᠡᠬᠦ᠌ ᠤᠬᠠᠭᠠᠨᠴᠢ ᠪᠠᠢᠬᠤ᠎ᠶ᠋ᠢ ᠪᠡᠶᠡᠯᠡᠭᠦᠯᠬᠦ᠌᠎ᠶ᠋ᠢᠨ ᠬᠠᠮᠲᠤ ᠲᠣᠰ ᠭᠠᠵᠠᠷ᠎ᠤᠨ ᠢᠳᠡᠭᠡᠨ ᠤᠮᠳᠠᠭᠠᠨ᠎ᠤ ᠣᠨᠴᠠᠯᠢᠭ᠎ᠢ ᠳᠣᠪᠣᠢᠯᠭᠠᠬᠤ ᠪᠡᠷ ᠪᠠᠷᠠᠬᠤ ᠦᠬᠡᠢ᠂ ᠪᠠᠰᠠ ᠡᠯ᠎ᠡ ᠭᠠᠵᠠᠷ᠎ᠡᠴᠡ ᠢᠷᠡᠭ᠌ᠰᠡᠨ ᠵᠣᠴᠢᠳ᠎ᠤᠨ ᠳᠤᠷᠠᠱᠢᠯᠢ ᠬᠠᠮᠲᠤᠳᠤᠨᠢ ᠬᠠᠷᠠᠭᠠᠯᠵᠠᠬᠤ ᠭᠡᠷᠡᠭᠳᠠᠢ ᠬᠡᠵᠤ ᠱᠠᠯᠠᠪᠳᠠᠭᠤᠯᠤᠨ ᠱᠠᠭᠠᠷᠳᠠᠪᠠ᠃
ᠰᠡᠳᠭᠢᠯᠭᠡ᠎ᠶ᠋ᠢᠨ ᠢᠯᠡᠷᠡᠯ᠎ᠦᠨ ᠬᠠᠮᠢᠶᠠᠷᠤᠯᠲᠠ᠂ ᠶᠠᠪᠤᠵᠤ ᠰᠠᠭᠤᠬᠤ᠂ ᠪᠠᠴᠢᠮ ᠪᠠᠢᠳᠠᠯ᠎ᠢ ᠠᠷᠭᠠᠴᠠᠭᠠᠨ ᠠᠪᠤᠷᠠᠨ ᠲᠤᠰᠠᠯᠠᠬᠤ᠂ ᠡᠮ ᠡᠮᠨᠡᠯᠭᠡ᠎ᠶ᠋ᠢᠨ ᠠᠪᠤᠷᠠᠨ ᠡᠮᠨᠡᠬᠦ ᠁ ᠵᠤᠢᠯ ᠵᠤᠢᠯ ᠤ᠋ᠨ ᠪᠤᠯᠪᠠᠰᠤᠷᠠᠯ ᠤ᠋ᠨ 《ᠵᠠᠪᠠᠯ ᠰᠤᠷᠬᠤ ᠬᠢᠴᠢᠶᠡᠯ》 ᠵᠢᠨᠷ ᠲᠠᠮᠵᠢᠭᠠᠳ᠂ 《ᠵᠢᠵᠢᠭ ᠴᠠᠰᠤᠨ ᠪᠦᠮᠪᠦᠬᠡᠯᠢᠭ᠎ᠤᠳ》 ᠲᠣᠰ ᠲᠣᠰ᠎ᠤᠨ ᠠᠵᠢᠯ᠎ᠤᠨ ᠪᠠᠢᠷᠢ᠎ᠳᠠᠭᠠᠨ ᠭᠠᠷᠴᠤ᠌᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠪᠠᠲᠤᠯᠠᠭ᠎ᠠ᠎ᠶ᠋ᠢᠨ ᠠᠵᠢᠯ᠎ᠤᠨ ᠨᠠᠢᠷᠠᠯ ᠬᠥᠭ᠌ᠵᠢᠮ᠎ᠦᠨ ᠢᠷᠠᠭᠤ ᠰᠣᠨᠣᠰᠭᠤᠯᠠᠩ ᠪᠣᠯᠪᠠ᠃ ᠬᠥᠯᠥᠨ ᠪᠣᠢᠷ ᠤ᠋ᠨ ᠬᠢᠨ ᠲᠣᠰ ᠭᠠᠵᠠᠷ᠎ᠤᠨ ᠶᠡᠬᠡ ᠳᠡᠭᠡᠳᠦ ᠰᠤᠷᠭᠠᠭᠤᠯᠢ᠎ᠡᠴᠡ 1700 ᠭᠠᠷᠤᠶ ᠰᠠᠢᠨ ᠲᠤᠷᠠᠴᠤᠳ᠎ᠢ ᠡᠯᠰᠡᠵᠦ᠍᠂ ᠲᠣᠬᠢᠷᠠᠭᠤᠯᠤᠯᠲᠠ ᠬᠠᠮᠢᠶᠠᠷᠤᠯᠲᠠ᠂ ᠡᠮ ᠡᠮᠨᠡᠯᠭᠡ ᠡᠷᠡᠭᠦᠯ ᠬᠠᠮᠠᠭᠠᠯᠠᠯ᠂ ᠶᠡᠷᠦᠩᠬᠡᠢᠯᠡᠭ᠌ᠰᠡᠨ ᠪᠠᠲᠤᠯᠠᠭ᠎ᠠ ᠵᠡᠷᠭᠡ 20 ᠲᠥᠷᠥᠯ᠎ᠦᠨ ᠠᠵᠢᠯ᠎ᠤᠨ ᠪᠠᠢᠷᠢ ᠳᠡᠭᠡᠷ᠎ᠡ ᠰᠠᠢᠨ ᠳᠤᠷ᠎ᠠ᠎ᠶ᠋ᠢᠨ ᠦᠶ᠋ᠯᠡᠴᠢᠯᠡᠭᠡ ᠬᠠᠩᠭᠠᠪᠠ᠃ ᠣᠳᠣᠬᠠᠨ᠎ᠳᠤ᠂ ᠬᠥᠯᠥᠨ ᠪᠣᠢᠷ᠎ᠤᠨ 《ᠵᠢᠵᠢᠭ ᠴᠠᠰᠤᠨ ᠪᠦᠮᠪᠦᠬᠡᠯᠢᠭ》 ᠤ᠋ ᠬᠢᠨ ᠤᠷᠤᠯᠳᠤᠭᠠᠨ᠎ᠤ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠳᠦ ᠨᠡᠢᠲᠡ 28157 ᠬᠥᠮᠦᠨ ᠤᠳᠠᠭ᠎ᠠ ᠣᠷᠣᠯᠴᠠᠵᠤ᠂ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠳᠦ ᠨᠡᠢᠲᠡ 23 ᠲᠦᠮᠡᠨ ᠴᠠᠭ ᠣᠷᠣᠯᠴᠠᠵᠠᠶ᠃
ᠴᠠᠭ ᠲᠤᠬᠠᠢ ᠳ᠋ᠤᠨᠢ᠂ ᠪᠦᠲᠦᠮᠵᠢᠲᠡᠶ᠂ ᠴᠢᠨᠠᠷ ᠰᠠᠢᠲᠠᠶ ᠡᠮᠴᠢᠯᠡᠭᠡᠨ᠎ᠦ ᠦᠶ᠋ᠯᠡᠴᠢᠯᠡᠭᠡ ᠬᠠᠩᠭᠠᠬᠤ ᠪᠣᠯ ᠲᠣᠮᠣ ᠬᠡᠯᠪᠡᠷᠢ᠎ᠶ᠋ᠢᠨ ᠤᠷᠤᠯᠳᠤᠭᠠᠨ᠎ᠤ ᠳᠤᠲᠠᠭ᠍ᠳᠠᠵᠤ ᠪᠣᠯᠤᠰᠢ ᠥᠬᠡᠶ ᠴᠢᠬᠤᠯᠠ ᠭᠣᠭ᠍ᠴᠣᠭ᠎ᠠ ᠮᠥᠨ᠃ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠲᠤᠯᠠᠭ᠎ᠠ᠎ᠶ᠋ᠢᠨ ᠲᠠᠯ᠎ᠠ᠎ᠪᠠᠷ ᠬᠥᠯᠥᠨ ᠪᠣᠢᠷ ᠬᠣᠲᠠ ᠨᠢ ᠪᠡᠭᠡᠵᠢᠩ᠂ ᠬᠠᠷᠠᠮᠥ᠋ᠷᠡᠨ ᠵᠡᠷᠭᠡ ᠬᠠᠮᠢᠶ᠎ᠠ ᠪᠥᠬᠥᠶ ᠪᠠᠢᠭᠤᠯᠤᠮᠵᠢ᠎ᠲᠠᠶ ᠠᠭᠠᠷ᠎ᠤᠨ ᠠᠶᠠᠯᠠᠯ᠎ᠤᠨ ᠠᠪᠤᠷᠠᠨ ᠲᠤᠰᠠᠯᠠᠬᠤ᠂ ᠴᠠᠰᠤᠨ ᠳᠡᠭᠡᠷᠡᠬᠢ ᠲᠥᠷᠥᠯ ᠵᠦᠶ᠋ᠯ᠎ᠦᠨ ᠪᠠᠴᠢᠮ ᠠᠪᠤᠷᠠᠨ ᠲᠤᠰᠠᠯᠠᠬᠤ ᠵᠡᠷᠭᠡ ᠬᠠᠮᠲᠤᠷᠠᠯᠴᠠᠭᠠᠨ᠎ᠤ ᠵᠥᠪᠯᠡᠯᠴᠡᠭᠡᠷ ᠲᠣᠭ᠍ᠲᠠᠵᠤ᠂ ᠪᠠᠲᠤᠯᠠᠭ᠎ᠠ᠎ᠶ᠋ᠢᠨ ᠡᠮᠴᠢᠯᠡᠭᠡᠨ᠎ᠦ ᠪᠠᠢᠭᠤᠯᠤᠮᠵᠢ ᠨᠡᠢᠲᠡ 8᠂ ᠲᠠᠮᠢᠷᠴᠢᠨ᠎ᠤ ᠡᠮᠴᠢᠯᠡᠭᠡᠨ᠎ᠦ ᠥᠷᠲᠡᠭᠡ 4᠂ ᠲᠠᠮᠢᠷᠴᠢᠨ᠎ᠤ ᠪᠤᠰᠤ ᠡᠮᠴᠢᠯᠡᠭᠡᠨ᠎ᠦ ᠥᠷᠲᠡᠭᠡ 6᠂ VIP ᠡᠮᠴᠢᠯᠡᠭᠡᠨ᠎ᠦ ᠥᠷᠲᠡᠭᠡ 1᠂ ᠲᠠᠯᠠᠪᠤᠷ ᠣᠷᠳᠣᠨ᠎ᠤ FOP ᠡᠮᠴᠢᠯᠡᠭᠡᠨ᠎ᠦ ᠪᠠᠲᠤᠯᠠᠭ᠎ᠠ᠎ᠶ᠋ᠢᠨ ᠴᠡᠭ 28 ᠵᠢ ᠲᠤᠰ ᠲᠤᠰ ᠳᠤᠬᠢᠷᠠᠭᠤᠯᠵᠤ᠂ ᠡᠮᠴᠢᠯᠡᠭᠡᠨ᠎ᠦ ᠪᠠᠲᠤᠯᠠᠭ᠎ᠠ᠎ᠶ᠋ᠢᠨ ᠡᠩᠨᠡᠭᠡ ᠳ᠋ᠤ᠌ 350 ᠭᠠᠷᠤᠶ ᠬᠥᠮᠦᠨ᠎ᠢ ᠲᠣᠬᠢᠷᠠᠭᠤᠯᠪᠠ᠃
ᠡᠬᠢᠯᠡᠯᠲᠡ᠎ᠶ᠋ᠢᠨ ᠶᠣᠰᠣᠯᠠᠯ᠂ ᠲᠡᠭᠦᠰᠭᠦ ᠶᠣᠰᠣᠯᠠᠯ ᠵᠡᠷᠭᠡ ᠲᠣᠮᠣ ᠬᠡᠯᠪᠡᠷᠢ᠎ᠶ᠋ᠢᠨ ᠠᠵᠢᠯᠯᠠᠭ᠎ᠠ ᠪᠣᠯ ᠶᠡᠷᠦᠩᠬᠡᠢᠯᠡᠭ᠌ᠰᠡᠨ ᠴᠢᠨᠠᠷᠲᠠᠶ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠬᠠᠮᠤᠭ᠎ᠤᠨ ᠠᠩᠬᠠᠷᠤᠭᠤᠱᠢᠲᠠᠶ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ᠎ᠤᠨ ᠶᠡᠷᠦᠩᠬᠡᠶ ᠤᠳᠤᠷᠢᠳᠤᠭᠠᠴᠢ ᠱᠠ ᠱᠢᠶᠤᠤ ᠯᠠᠨ᠄ 《ᠡᠨᠡ ᠤᠳᠠᠭᠠᠨ᠎ᠤ ᠡᠬᠢᠯᠡᠯᠲᠡ᠎ᠶ᠋ᠢᠨ ᠶᠣᠰᠣᠯᠠᠯ᠎ᠤᠨ ᠲᠤᠰᠭᠠᠶ ᠮᠡᠷᠭᠡᠵᠢᠯ᠎ᠦᠨ ᠲᠣᠭ᠍ᠯᠠᠭ᠍ᠴᠢ᠎ᠨᠢ ᠦᠨᠳᠦᠰᠦᠨ᠎ᠳᠡᠭᠡᠨ ᠥᠪᠥᠷ ᠮᠣᠩᠭᠣᠯ᠎ᠤᠨ ᠤᠷᠠᠯᠢᠭ ᠵᠦᠴᠦᠭᠡ᠎ᠶ᠋ᠢᠨ ᠬᠦᠷᠢᠶᠡᠯᠡᠩ᠂ ᠬᠥᠯᠥᠨ ᠪᠣᠢᠷ᠎ᠤᠨ ᠤᠷᠠᠯᠢᠭ ᠵᠦᠴᠦᠭᠡ᠎ᠶ᠋ᠢᠨ ᠬᠦᠷᠢᠶᠡᠯᠡᠩ ᠪᠣᠯᠤᠨ ᠣᠯᠠᠨ ᠤᠯᠠᠭᠠᠨᠮᠥ᠋ᠴᠢᠷ᠎ᠤᠨ ᠲᠤᠭᠯᠠᠭᠴᠢᠳ ᠡᠴᠡ ᠪᠦᠷᠢᠯᠳᠦᠵᠡᠢ᠃ ᠲᠠᠳᠠ ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠳᠠᠭᠤᠤ ᠪᠥᠵᠢᠭ᠎ᠦᠨ ᠲᠣᠭ᠍ᠯᠠᠯᠲᠠ ᠭᠠᠷᠭᠠᠵᠤ᠂ ᠥᠪᠥᠷ ᠮᠣᠩᠭᠣᠯ᠎ᠤᠨ ᠲᠠᠯ᠎ᠠ ᠨᠤᠲᠤᠭ᠎ᠤᠨ ᠥᠷᠭᠡᠨ ᠠᠭᠤᠳᠠᠮ ᠦᠵᠡᠰᠭᠦᠯᠡᠩᠲᠦ ᠰᠠᠢᠬᠠᠨ ᠪᠠ ᠭᠦᠨ ᠵᠤᠵᠠᠭᠠᠨ ᠰᠣᠶᠣᠯ᠎ᠤᠨ ᠠᠭᠤᠯᠤᠭ᠍ᠳᠠᠬᠤᠨ᠎ᠢ ᠢᠯᠡᠷᠡᠭᠦᠯᠬᠦ ᠪᠤᠯᠤᠨ᠎ᠠ᠃ ᠲᠡᠳᠡᠨ᠎ᠦ ᠲᠣᠭ᠍ᠯᠠᠯᠲᠠ᠎ᠨᠢ ᠦᠵᠡᠭ᠌ᠴᠢᠳ᠎ᠤᠨ ᠬᠠᠷᠠᠭ᠎ᠠ ᠰᠣᠨᠣᠷᠢ ᠪᠠᠶᠠᠰᠬᠠᠬᠤ ᠪᠡᠷ ᠪᠠᠷᠠᠬᠤ ᠥᠬᠡᠶ ᠨᠠᠩ ᠴᠤ᠌ ᠬᠥᠮᠦᠰ᠎ᠲᠦ ᠥᠪᠥᠷ ᠮᠣᠩᠭᠣᠯ᠎ᠤᠨ ᠠᠷᠠᠳ ᠲᠦᠮᠡᠨ᠎ᠦ ᠣᠷᠭᠢᠯᠤᠮ᠎ᠠ ᠬᠠᠯᠠᠭᠤᠨ ᠰᠡᠳᠭᠢᠯᠭᠡ᠎ᠶ᠋ᠢ ᠮᠡᠳᠡᠷᠡᠭᠦᠯᠬᠦ ᠪᠤᠯᠤᠨ᠎ᠠ᠃ ᠡᠭᠦᠨ᠎ᠡᠴᠡ ᠭᠠᠳᠠᠨ᠎ᠠ ᠪᠠᠰᠠ ᠬᠠᠢᠯᠠᠷᠲᠠᠬᠢ ᠳᠤᠮᠳᠠᠳᠤ ᠪᠠᠭ᠎ᠠ ᠰᠤᠷᠭᠠᠭᠤᠯᠢ᠎ᠶ᠋ᠢᠨ ᠮᠥᠰᠥ᠍ ᠲᠡᠱᠢᠬᠦ᠌᠂ ᠭᠤᠯᠭᠤᠭᠤᠷ ᠬᠦᠷᠳᠦ᠍ ᠭᠤᠯᠭᠤᠬᠤ ᠠᠪᠢᠶᠠᠰ ᠲᠠᠢ ᠪᠠᠭᠠᠴᠤᠳ ᠲᠠᠮᠢᠷ᠎ᠤᠨ ᠬᠥᠳᠡᠯᠭᠡᠭᠡᠨ ᠤ᠋ ᠬᠡᠯᠪᠡᠷᠢ᠎ᠪᠡᠷ ᠡᠬᠢᠯᠡᠯᠲᠡ᠎ᠶ᠋ᠢᠨ ᠶᠣᠰᠣᠯᠠᠯ᠎ᠤᠨ ᠲᠣᠭ᠍ᠯᠠᠯᠲᠠ᠎ᠳᠤ ᠣᠷᠣᠯᠴᠠᠬᠤ ᠪᠤᠯᠤᠨ᠎ᠠ 》 ᠭᠡᠪᠡ᠃
ᠬᠠᠯᠠᠭᠤᠨ ᠲᠤᠯᠠᠭᠠᠨ ᠮᠡᠨᠳᠦᠴᠢᠯᠡᠯ᠂ ᠦᠨᠡᠨᠴᠢᠬᠡᠨ ᠢᠨᠢᠶᠡᠮᠰᠦᠭ᠌ᠯᠡᠯ᠂ ᠨᠠᠷᠢᠯᠢᠭ ᠲᠠᠢᠯᠪᠤᠷᠢᠯᠠᠯᠳᠠ ᠵᠡᠷᠭᠡ ᠨᠠᠷᠢᠨ ᠵᠦᠢᠯᠡᠰ ᠨᠢᠭᠡ ᠪᠦᠷᠢ ᠨᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠡᠮᠬᠢ ᠲᠢᠭᠯᠢᠮ᠎ᠲᠡᠶ ᠶᠠᠪᠤᠭ᠍ᠳᠠᠬᠤ᠎ᠶ᠋ᠢ ᠪᠠᠳᠤᠯᠠᠵᠤ ᠪᠠᠢᠨ᠎ᠠ᠃ ᠮᠥᠰᠥ᠍ ᠴᠠᠰᠤᠨ᠎ᠤ ᠦᠪᠡᠳᠡᠭ᠌ᠰᠢ ᠴᠤᠭᠯᠠᠭᠠᠨ ᠡᠬᠢᠯᠡᠬᠦ᠌ ᠭᠡᠵᠦ᠍ ᠪᠠᠢᠨ᠎ᠠ᠂ ᠬᠥᠯᠥᠨ ᠪᠤᠢ᠌ᠷ ᠬᠠᠯᠠᠭᠤᠨ ᠠᠯᠭ᠎ᠠ ᠪᠠᠨ ᠳᠡᠯᠭᠡᠨ᠂ ᠬᠠᠮᠳᠤ ᠪᠡᠷ ᠮᠥᠰᠥ᠍ ᠴᠠᠰᠤᠨ ᠳ᠋ᠤ᠌ ᠪᠣᠯᠵᠣᠬᠤ᠎ᠶ᠋ᠢ ᠴᠢᠩ ᠰᠡᠳᠭᠢᠯ ᠡᠴᠡ᠎ᠪᠡᠨ ᠤᠬᠳᠤᠵᠤ ᠪᠠᠢᠨ᠎ᠠ!
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃