ᠰᠣᠶᠣᠯ ᠤᠷᠠᠯᠢᠭ > ᠠᠷᠪᠠᠨ ᠳᠥᠷᠪᠡᠳᠦᠭᠡᠷ ᠬᠤᠭᠤᠴᠠᠭᠠᠨ᠎ᠤ᠋ ᠡᠪᠦᠯ᠎ᠦ᠋ᠨ ᠤᠯᠠᠷᠢᠯ᠎ᠤ᠋ᠨ ᠲᠠᠮᠢᠷ᠎ᠤ᠋ᠨ ᠴᠤᠭᠯᠠᠭᠠᠨ

2024-02-20 10:16:35

ᠵᠣᠬᠢᠶᠠᠭ᠍ᠴᠢ᠄ ​ᠪᠢᠯᠢᠭᠲᠦ ᠬᠦᠭᠵᠢᠯᠳᠤ ᠬᠦᠪᠴᠢᠨ ᠦᠨᠢᠷ ᠣᠩᠱᠢᠭ᠍ᠰᠠᠨ ᠣᠳᠠᠭ᠎ᠠ᠄ 3

ᠵᠠᠯᠠᠨ ᠠᠢᠯ ᠬᠤᠲᠠ ᠢ᠋ᠢᠨ ᠵᠢᠨ ᠯᠦᠩ ᠱᠠᠨ ᠴᠠᠨᠠᠯᠠᠯᠲᠠ ᠢ᠋ᠢᠨ ᠲᠠᠯᠠᠪᠠᠢ᠎ᠳᠤ ᠲᠡᠮᠢᠷᠴᠢᠳ ᠬᠦᠢᠲᠡᠨ ᠰᠠᠯᠬᠢ ᠢ᠋ᠢ ᠰᠦᠷᠦᠨ ᠬᠤᠷᠳᠤ ᠬᠦᠴᠦ ᠪᠡᠨ ᠰᠤᠷᠢᠨ᠎ᠠ᠃ 2 ᠰᠠᠷ᠎ᠠ᠎ᠶ᠋ᠢᠨ19᠎ᠦ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠴᠢᠯᠥᠭᠡᠲᠦ ᠴᠠᠨᠠᠯᠠᠯᠲᠠ ᠢ᠋ᠢᠨ ᠤᠷ᠎ᠠ ᠮᠡᠷᠭᠡᠵᠢᠯ ᠤ᠋ᠨ ᠤᠷᠤᠯᠳᠤᠭᠠᠨ᠎ᠤ ᠢᠯᠡ ᠤᠷᠤᠯᠳᠤᠭᠠᠨ ᠤ᠋ ᠳᠤᠭᠤᠢᠯᠠᠡᠭ ᠤ᠋ᠨ ᠡᠮᠡᠭᠲᠡᠢ ᠢ᠋ᠢᠨ ᠬᠤᠶᠠᠷ ᠬᠦᠮᠦᠨ ᠤ᠋ ᠤᠷᠤᠯᠳᠤᠭᠠᠨ᠂ ᠡᠷᠡᠭ᠌ᠲᠡᠶ᠎ᠶ᠋ᠢᠨ ᠬᠤᠶᠠᠷ ᠬᠥᠮᠦᠨ᠎ᠦ ᠤᠷᠤᠯᠳᠤᠭᠠᠨ ᠠᠮᠵᠢᠯᠲᠠ ᠲᠠᠢ ᠶᠠᠪᠤᠭ᠍ᠳᠠᠵᠤ ᠬᠤᠶᠠᠷ ᠠᠯᠲᠠᠨ ᠮᠸᠳ᠋ᠡᠯ ᠲᠤᠳᠤᠷᠠᠭᠰᠠᠨ ᠪᠠᠢᠨ᠎ᠠ᠃

ᠢᠯᠡ ᠤᠷᠤᠯᠳᠤᠭᠠᠨ ᠤ᠋ ᠳᠤᠭᠤᠢᠯᠠᠡᠭ ᠤ᠋ᠨ ᠡᠷᠡᠭ᠌ᠲᠡᠶ᠎ᠶ᠋ᠢᠨ ᠬᠤᠶᠠᠷ ᠬᠥᠮᠦᠨ᠎ᠦ ᠤᠷᠤᠯᠳᠤᠭᠠᠨ ᠳ᠋ᠤ ᠾᠧᠨᠠᠨ᠎ᠤ ᠠᠩᠭᠢ᠎ᠶ᠋ᠢᠨ ᠲᠠᠮᠢᠷᠴᠢᠨ ᠹᠦ᠋ ᠵᠢᠶᠦ᠋ᠨ ᠢ ᠠᠯᠲᠠᠨ ᠮᠧᠳᠠᠯ ᠭᠠᠷᠳᠠᠵᠤ᠂ ᠢᠯᠡ ᠤᠷᠤᠯᠳᠤᠭᠠᠨ ᠤ᠋ ᠳᠤᠭᠤᠢᠯᠠᠡᠭ ᠤ᠋ᠨ ᠡᠮᠡᠭᠲᠡᠢ᠎ᠶ᠋ᠢᠨ ᠬᠤᠶᠠᠷ ᠬᠥᠮᠦᠨ᠎ᠦ ᠤᠷᠤᠯᠳᠤᠭᠠᠨ ᠳ᠋ᠤ ᠬᠠᠷᠠᠮᠥ᠋ᠷᠡᠨ᠎ᠦ ᠠᠡᠭᠭᠢ ᠢ᠋ᠢᠨ ᠲᠠᠮᠢᠷᠴᠢᠨ ᠶᠠᠩ ᠶᠠ ᠠᠯᠲᠠᠨ ᠮᠧᠳᠠᠯ ᠭᠠᠷᠳᠠᠵᠠᠢ᠃

《ᠤᠷᠤᠯᠳᠤᠭᠠᠨ ᠤ᠋ ᠬᠠᠮᠤᠭ ᠤ᠋ᠨ ᠡᠴᠦᠰ᠎ᠦᠨ ᠮᠥᠴᠡ᠎ᠳᠦ ᠮᠢᠨᠦ ᠦᠷᠢᠰᠦᠯᠳᠦᠭᠴᠢ ᠨᠠᠳᠠ᠎ᠳᠤ ᠨᠡᠯᠢᠶᠠᠳ ᠶᠡᠬᠡ ᠳᠠᠷᠤᠯᠲᠠ ᠥᠭ᠌ᠭᠦᠭ᠌ᠰᠡᠨ ᠪᠣᠯᠪᠠᠴᠤ᠌ ᠪᠢ ᠥᠪᠡᠷ ᠤ᠋ᠨ ᠬᠢᠷᠢ ᠲᠦᠪᠰᠢᠨ ᠢ᠋ᠢᠡᠨ ᠭᠦᠢᠴᠡᠳ ᠪᠠᠳᠠᠷᠠᠭᠤᠯᠪᠠ᠃ ᠡᠨᠡ ᠬᠦ᠌ ᠠᠯᠲᠠᠨ ᠮᠧᠳᠠᠯ ᠨᠠᠳᠠ᠎ᠳᠤ ᠶᠡᠷᠦ᠍ ᠪᠤᠰᠤ᠎ᠶ᠋ᠢᠨ ᠦᠡᠭᠭᠡ ᠭᠡᠷᠡᠯ ᠠᠪᠴᠢᠷᠠᠵᠡᠢ᠂ ᠢᠷᠡᠭᠡᠳᠦᠢ᠎ᠳᠦ ᠪᠢ ᠣᠯᠠᠨ ᠤᠯᠤᠰ᠎ᠤᠨ ᠤᠷᠤᠯᠳᠤᠭᠠᠨ᠎ᠤ ᠲᠠᠯᠠᠪᠤᠷ᠎ᠲᠤ ᠨᠠᠩ ᠰᠠᠢᠨ ᠬᠢᠷᠢ ᠪᠦᠲᠦᠮᠵᠢ ᠤᠯᠬᠤ ᠪᠡᠷ ᠴᠢᠷᠮᠠᠢᠨ᠎ᠠ》 ᠭᠡᠵᠦ ᠹᠦ᠋ ᠵᠢᠶᠦ᠋ᠨ ᠢ ᠤᠷᠤᠯᠳᠤᠭᠠᠨ᠎ᠤ ᠳᠠᠷᠠᠭ᠎ᠠ ᠰᠤᠷᠪᠤᠯᠵᠢᠯᠠᠭ᠎ᠠ᠎ᠬᠦᠯᠢᠶᠡᠬᠦ᠌ ᠳ᠋ᠡᠭᠡᠨ ᠶᠠᠷᠢᠵᠤ ᠪᠠᠢᠯ᠎ᠠ᠃

《ᠪᠢ ᠡᠨᠡ ᠡᠳᠦᠷ᠎ᠦᠨ ᠤᠷᠤᠯᠳᠤᠭᠠᠨ᠎ᠤ ᠢᠯᠡᠷᠡᠯ᠎ᠳᠡᠭᠡᠨ ᠮᠠᠰᠢ ᠬᠠᠨᠤᠮᠵᠢᠲᠠᠶ ᠪᠠᠢᠨ᠎ᠠ᠂ ᠭᠤᠯᠭᠤᠯᠲᠠ ᠪᠦᠷᠢ᠎ᠶ᠋ᠢ ᠪᠦᠬᠦ᠌ ᠬᠦᠴᠦ᠍᠎ᠪᠡᠷ᠎ᠢᠶᠡᠨ ᠴᠢᠷᠮᠠᠢᠭ᠍ᠰᠠᠨ ᠭᠡᠵᠦ᠍ ᠬᠡᠯᠡᠵᠦ᠍ ᠪᠣᠯᠤᠨ᠎ᠠ᠃ ᠥᠴᠥᠭᠡᠳᠦᠷ ᠬᠡᠳᠦᠢᠪᠡᠷ ᠬᠤᠪᠢ ᠬᠥᠮᠦᠨ᠎ᠦ ᠤᠷᠤᠯᠳᠤᠭᠠᠨ᠎ᠤ ᠠᠯᠲᠠᠨ ᠮᠧᠳᠠᠯ᠎ᠢ ᠣᠯᠵᠤ ᠴᠢᠳᠠᠭ᠍ᠰᠠᠨ ᠦᠭᠡᠢ ᠪᠣᠯᠪᠠᠴᠤ᠌ ᠡᠨᠡ ᠡᠳᠦᠷ ᠲᠡᠷᠡ ᠬᠠᠷᠠᠮᠰᠠᠯ ᠢ᠋ᠢᠡᠨ ᠨᠦᠬᠦᠴᠢᠭᠡᠯ᠎ᠠ》 ᠭᠡᠵᠤ ᠶᠠᠩ ᠶᠠ ᠰᠤᠷᠪᠤᠯᠵᠢᠯᠠᠭ᠎ᠠ ᠬᠦᠯᠢᠶᠡᠬᠦ ᠳ᠋ᠡᠭᠡᠨ ᠪᠠᠶᠠᠷᠲᠠᠢᠬᠠᠨ ᠶᠠᠷᠢᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面