2024-02-18 18:48:35
— ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠤ ᠡᠬᠢᠯᠡᠯᠲᠡ ᠶ᠋ᠢᠨ ᠶᠣᠰᠣᠯᠠᠯ ᠤᠨ ᠲᠠᠲᠠᠯᠠᠭ᠎ᠠ
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠪᠣᠯ ᠨᠢᠭᠡ ᠤᠳᠠᠭᠠᠨ᠎ᠤ ᠮᠥᠰᠥ᠍ ᠴᠠᠰᠤᠨ᠎ᠤ ᠪᠣᠯᠵᠣᠭ᠎ᠠ᠂ ᠪᠦᠬᠦ᠌ ᠠᠷᠠᠳ᠎ᠢᠶᠠᠷ᠎ᠢᠶᠠᠨ ᠣᠷᠣᠯᠴᠠᠭ᠍ᠰᠠᠨ ᠦᠪᠡᠳᠡᠭᠰᠢ ᠨᠠᠢᠷ᠂ ᠮᠦᠨᠴᠦ ᠤᠮᠠᠷᠠᠲᠤ ᠬᠢᠯᠢ᠎ᠶ᠋ᠢᠨ ᠰᠣᠶᠣᠯ᠎ᠤᠨ ᠷᠢᠳᠢ ᠱᠢᠳᠢ᠎ᠶ᠋ᠢ ᠢᠯᠡᠷᠡᠭᠦᠯᠦᠭᠰᠡᠨ ᠭᠣᠢᠳᠠ ᠰᠠᠢᠬᠠᠨ ᠲᠠᠮᠢᠷ᠎ᠤᠨ ᠴᠤᠭᠯᠠᠭᠠᠨ ᠪᠠᠢᠵᠦ᠂ ᠳᠤᠮᠳᠠᠳᠤ ᠤᠯᠤᠰ᠎ᠤᠨ ᠮᠥᠰᠥ᠍ ᠴᠠᠰᠤᠨ᠎ᠤ ᠲᠠᠮᠢᠷᠴᠢᠳ᠎ᠤᠨ ᠱᠢᠨ᠎ᠡ ᠠᠶᠠᠨᠳᠠᠭᠠᠨ ᠢᠲᠡᠭᠡᠯ ᠲᠡᠭᠦᠯᠳᠡᠷ᠎ᠢᠶᠡᠷ ᠤᠷᠤᠭᠰᠢᠯᠠᠵᠦ᠂ ᠥᠪᠡᠷ᠎ᠢ᠎ᠪᠡᠨ ᠬᠦᠴᠦᠷᠬᠡᠭ᠌ᠵᠢᠭᠦᠯᠬᠦ᠌ ᠤᠶᠤᠨ ᠰᠠᠨᠠᠭᠠᠨ᠎ᠤ ᠤᠬᠢ ᠲᠠᠯᠠᠰᠳᠤ ᠪᠤᠯᠬᠤ ᠶᠤᠮ᠃ 2900 ᠭᠠᠷᠤᠢ ᠡᠳᠦᠷ᠎ᠤᠨ ᠴᠢᠷᠮᠠᠢᠯᠭ᠎ᠠ ᠪᠡᠷ ᠬᠥᠯᠥᠨ ᠪᠤᠢ᠌ᠷ᠂ ᠤᠯᠠᠭᠠᠨᠴᠠᠪ᠂ ᠤᠯᠠᠭᠠᠨᠬᠠᠳᠠ᠂ ᠬᠥᠬᠡᠬᠣᠲᠠ ᠬᠠᠮᠳᠤ ᠪᠡᠷ 《ᠪᠣᠬᠢᠷᠲᠤᠯ ᠦᠭᠡᠢ᠂ ᠬᠠᠮᠲᠤ᠎ᠪᠠᠷ ᠡᠳ᠋ᠯᠡᠬᠦ᠌᠂ ᠨᠡᠭᠡᠭᠡᠯᠲᠡ ᠲᠠᠢ᠂ ᠠᠷᠢᠭᠤᠨ ᠴᠢᠬᠡᠴᠢ》 ᠴᠠᠭ ᠦᠶ᠎ᠡ᠎ᠶ᠋ᠢᠨ ᠢᠷᠠᠭᠤ ᠬᠠᠭᠤᠳᠠᠰᠤ᠎ᠶ᠋ᠢ ᠪᠢᠴᠢᠭ᠌ᠯᠡᠪᠡ᠃

ᠡᠬᠢᠯᠡᠯᠲᠡ ᠶ᠋ᠢᠨ ᠶᠣᠰᠤᠯᠠᠯ ᠤᠨ ᠠᠬᠤᠢ ᠲᠠᠯᠠᠪᠠᠢ
2 ᠰᠠᠷ᠎ᠠ᠎ᠶᠢᠨ17᠎ᠦ ᠤᠷᠤᠢ᠂ ᠥᠪᠡᠷᠲᠡᠭᠡᠨ ᠵᠠᠰᠠᠬᠤ ᠣᠷᠣᠨ᠎ᠤ ᠮᠥᠰᠥᠨ ᠳᠡᠭᠡᠷᠡᠬᠢ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠪᠣᠯᠪᠠᠰᠤᠷᠠᠯ᠎ᠤᠨ ᠲᠦᠪ᠎ᠲᠤ ᠬᠦᠷ ᠬᠦᠭᠵᠢᠶᠡᠨᠶ᠋ᠢᠡᠷ ᠪᠢᠯᠬᠠᠵᠤ᠂ 《ᠮᠦᠰᠦ ᠴᠠᠰᠤᠨ᠎ᠳᠤ ᠤᠷᠮ᠎ᠠ ᠰᠡᠳᠬᠢᠯᠭᠡ ᠵᠢᠨ ᠭᠠᠯ᠎ᠢ ᠲᠦᠷᠡᠯᠵᠡᠬᠦᠯᠵᠦ ᠤᠮᠠᠷᠠᠳᠤ ᠬᠢᠯᠢ᠎ᠳᠤ ᠬᠦᠰᠡᠯ ᠵᠡᠬᠦᠳᠤ ᠪᠠᠨ ᠪᠡᠶᠡᠯᠡᠭᠦᠯᠦᠶ᠎ᠡ》 ᠪᠡᠷ ᠭᠣᠣᠯ ᠰᠡᠳᠦᠪ ᠪᠣᠯᠭᠠᠭ᠍ᠰᠠᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ ᠦᠪᠡᠳᠡᠭᠰᠢ ᠶᠡᠭᠡ ᠪᠡᠷ ᠡᠬᠢᠯᠡᠪᠡ᠃
ᠪᠡᠶ᠎ᠡ ᠴᠢᠭᠢᠷᠠᠭ᠍ᠵᠢᠭᠤᠯᠬᠤ ᠪᠠᠬᠠᠲᠠᠳ ᠠᠭᠤᠳᠠᠮ ᠲᠠᠯᠠᠪᠠᠶ᠎ᠶ᠋ᠢᠨ ᠪᠥᠵᠢᠭ ᠪᠥᠵᠢᠭ᠌ᠯᠡᠵᠦ᠍᠂ ᠬᠥᠭᠡᠷᠦᠬᠦᠨ ᠬᠡᠦᠬᠡᠳ᠎ᠦᠳ ᠬᠦᠭᠵᠢᠮ ᠬᠥᠭ᠌ᠵᠢᠮᠳᠡᠵᠦ᠍᠂ ᠭᠤᠸ᠎ᠠ ᠦᠵᠡᠰᠭᠦᠯᠡᠨᠭ ᠲᠣᠭ᠍ᠯᠠᠭ᠍ᠴᠢᠳ ᠥᠪᠥᠷ ᠮᠣᠩᠭᠣᠯ᠎ᠤᠨ ᠥᠪᠡᠷᠮᠢᠴᠡ ᠣᠨᠴᠠᠯᠢᠭ ᠪᠥᠬᠥᠶ ᠬᠤᠪᠴᠠᠰᠤ ᠵᠠᠰᠠᠯᠶ᠋ᠢᠡᠷᠶ᠋ᠢᠡᠨ ᠭᠤᠶᠤᠯᠠᠵᠦ ᠂ ᠭᠤᠴᠤ ᠰᠠᠢᠬᠠᠨ ᠲᠣᠭ᠍ᠯᠠᠯᠲᠠ ᠪᠡᠷᠶ᠋ᠢᠡᠨ ᠤᠮᠠᠷᠠᠲᠤ ᠬᠢᠯᠢ᠎ᠶ᠋ᠢᠨ ᠥᠩᠭᠡ ᠦᠵᠡᠮᠵᠢ ᠪᠠ ᠰᠣᠶᠣᠯ ᠢᠷᠭᠡᠨᠱᠢᠯ᠎ᠦᠨ ᠳᠦᠷᠢ ᠲᠥᠷᠬᠦ᠌᠎ᠶ᠋ᠢ ᠳᠡᠯᠭᠡᠨ ᠦᠵᠡᠭᠦᠯᠦᠯᠠ᠃ ᠤᠯᠠᠨ᠎ᠤ ᠳᠤᠮᠳᠠ ᠦᠷᠭᠡᠨᠶ᠋ᠢᠡᠷ ᠲᠠᠭᠠᠯᠠᠭᠳᠠᠨ ᠲᠠᠭᠤᠯᠠᠭᠳᠠᠭᠰᠠᠨ 《ᠬᠥᠯᠥᠨ ᠪᠤᠢ᠌ᠷ᠎ᠤᠨ ᠲᠠᠯ᠎ᠠ ᠨᠤᠲᠤᠭ》 ᠭᠡᠭᠦ ᠳᠠᠭᠤᠤ ᠨᠢ ᠲᠤᠬᠠᠢ᠎ᠶ᠋ᠢᠨ ᠲᠠᠯᠠᠪᠠᠢ᠎ᠶ᠋ᠢᠨ ᠠᠭᠤᠷ ᠠᠮᠢᠰᠭᠤᠯ᠎ᠢ ᠬᠦᠷ ᠬᠥᠭ᠌ᠵᠢᠶᠡᠨ᠎ᠢᠶᠡᠷ ᠪᠢᠯᠬᠠᠭᠤᠯᠵᠤ ᠂ ᠠᠯᠠᠭ᠎ᠠ ᠲᠠᠱᠢᠯᠳᠠ᠎ᠶ᠋ᠢᠨ ᠲᠠᠭᠤᠨ ᠲᠠᠯᠠᠪᠠᠢᠲᠦᠢᠭᠦᠷᠡᠨᠭ᠌ ᠴᠤᠤᠷᠢᠶᠠᠲᠤᠭᠰᠠᠨ ᠪᠠᠢᠨ᠎ᠠ᠃
ᠤᠷᠤᠢ᠎ᠶᠢᠨ 8 ᠴᠠᠭ᠎ᠤᠨ ᠦᠶ᠎ᠡ᠎ᠪᠡᠷ᠂ ᠡᠬᠢᠯᠡᠯᠲᠡ᠎ᠶ᠋ᠢᠨ ᠶᠣᠰᠣᠯᠠᠯ ᠵᠢᠩᠬᠢᠨᠢ᠎ᠪᠡᠷ ᠡᠬᠢᠯᠡᠪᠡ᠃ ᠰᠦᠷ ᠵᠢᠪᠬᠤᠯᠠᠩᠲᠤ ᠳᠠᠭᠤᠤ ᠬᠥᠭ᠌ᠵᠢᠮ᠎ᠦᠨ ᠳᠤᠮᠳᠠ᠂ ᠲᠤᠭᠴᠢ᠎ᠶᠢᠨ ᠡᠨᠭᠨᠡᠭᠡ ᠢᠳᠡᠷᠡᠭᠦᠨ ᠠᠯᠬᠤᠭ᠎ᠠ᠎ᠪᠠᠷ ᠤᠯᠤᠰ᠎ᠤᠨ ᠲᠤᠭ᠂ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠲᠤᠭ ᠪᠣᠯᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠲᠤᠭ᠎ᠢ ᠬᠦᠷᠢᠶᠡᠯᠡᠨ ᠲᠠᠯᠠᠪᠠᠢ᠎ᠳᠤ ᠠᠯᠬᠤᠨ ᠣᠷᠣᠪᠠ᠃
ᠬᠢᠨᠠᠭ᠍ᠴᠢ᠂ ᠲᠥᠯᠥᠭᠡᠯᠡᠭ᠌ᠴᠢᠳ᠎ᠦᠨ ᠪᠦᠯᠬᠦᠮ ᠴᠤᠭ ᠵᠢᠪᠬᠤᠭ᠎ᠠ ᠪᠠᠳᠠᠷᠠᠩᠭᠤᠶ᠃《ᠦᠵᠡᠰᠭᠦᠯᠡᠩᠲᠦ ᠰᠠᠢᠬᠠᠨ ᠮᠢᠨᠦ᠍ ᠨᠤᠲᠤᠭ》᠂ 《ᠲᠠᠯ᠎ᠠ ᠨᠤᠲᠤᠭ᠎ᠠᠴᠠ ᠪᠡᠭᠡᠵᠢᠩ᠎ᠢ ᠪᠠᠷᠠᠯᠠᠬᠤᠢ 》 ᠵᠡᠷᠭᠡ ᠳᠠᠭᠤᠤ ᠵᠢᠨ ᠳᠤᠮᠳᠠ ᠲᠥᠯᠥᠭᠡᠯᠡᠭ᠌ᠴᠢᠳ᠎ᠦᠨ ᠪᠦᠯᠬᠦᠮ᠎ᠤᠳ ᠲᠠᠯᠠᠪᠠᠢ᠎ᠳᠤ ᠠᠯᠬᠤᠨ ᠤᠷᠤᠵᠦ ᠢᠷᠡᠯ᠎ᠡ ᠁ 《ᠲᠠᠪᠤᠨ ᠲᠠᠨᠭᠰᠤᠭ ᠬᠥᠯᠥᠨ ᠪᠤᠢ᠌ᠷ》 ᠬᠡᠦᠬᠡᠳ᠎ᠦᠨ ᠨᠠᠢᠷᠠᠯ ᠳᠠᠭᠤᠤ ᠨᠢ ᠬᠡᠤᠬᠡᠳ᠎ᠤᠨ ᠬᠦᠭᠡᠷᠦᠭᠦᠨ ᠲᠦᠷᠬᠦ᠂ ᠴᠡᠪᠡᠷ ᠴᠠᠢᠯᠭᠠᠨᠢ ᠢᠯᠡᠷᠡᠭᠦᠯᠵᠦ᠂ 56 ᠦᠨᠳᠦᠰᠦᠲᠡᠨ᠎ᠦ ᠬᠠᠮᠳᠦ᠎ᠶᠢᠨ ᠪᠦᠵᠢᠭ ᠨᠢ ᠨᠠᠢᠷ᠎ᠢ ᠳᠡᠬᠢᠨᠳᠡ ᠤᠷᠬᠢᠯ᠎ᠳᠤ ᠬᠦᠷᠭᠡᠵᠠᠢ᠃
ᠣᠮᠣᠭ ᠲᠡᠭᠦᠯᠳᠡᠷ ᠮᠣᠷᠢᠨ ᠬᠤᠭᠤᠷ᠎ᠤᠨ ᠠᠶ᠎ᠠ᠎ᠶᠢᠨ ᠳᠤᠮᠳᠠ ᠪᠥᠵᠢᠭ᠌ᠴᠢᠳ ᠮᠣᠩᠭᠣᠯ ᠮᠣᠷᠢᠨ᠎ᠤ ᠪᠦᠵᠢᠭ᠎ᠢ ᠪᠦᠵᠢᠭᠯᠡᠨ᠂ᠤᠮᠤᠭ ᠲᠡᠬᠦᠯᠳᠡᠷ ᠴᠤᠭ ᠵᠢᠪᠬᠤᠭ᠎ᠠ ᠪᠠᠷ 《ᠲᠡᠰᠪᠦᠷᠢ ᠬᠠᠲᠠᠭᠤᠵᠢᠯᠲᠠᠶ ᠂ ᠴᠤᠴᠠᠯᠲᠠ ᠦᠭᠡᠢ ᠤᠷᠤᠭ᠍ᠰᠢᠯᠠᠵᠤ᠂ ᠵᠣᠷᠢᠭ᠍ᠰᠠᠨ᠎ᠳᠠᠭᠠᠨ ᠬᠦᠷᠬᠦ᠌ ᠦᠭᠡᠢ ᠪᠣᠯ ᠵᠣᠭ᠍ᠰᠣᠬᠤ ᠦᠭᠡᠢ 》 ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠢᠯᠡᠷᠡᠭᠦᠯᠪᠡ᠃
ᠪᠡᠭᠡᠵᠢᠩ᠎ᠦᠨ ᠪᠡᠶ᠎ᠡ᠎ᠶ᠋ᠢᠨ ᠲᠠᠮᠢᠷ᠎ᠤᠨ ᠶᠡᠬᠡ ᠰᠤᠷᠭᠠᠭᠤᠯᠢ᠎ᠶ᠋ᠢᠨ 8 ᠰᠣᠷᠣᠭ᠍ᠴᠢ ᠪᠠ ᠲᠤᠰᠭᠠᠶ ᠮᠡᠷᠭᠡᠵᠢᠯ᠎ᠦᠨ ᠲᠣᠭ᠍ᠯᠠᠭ᠍ᠴᠢ ᠡᠴᠡ ᠬᠠᠮᠲᠤ᠎ᠪᠠᠷ ᠲᠤᠭᠯᠠᠭᠰᠠᠨ 《ᠳᠤᠮᠳᠠᠳᠤ᠎ᠶ᠋ᠢᠨ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭᠠᠨ᠎ᠤ ᠮᠠᠭ᠍ᠲᠠᠭᠤ》 ᠨᠢ ᠡᠬᠢᠯᠡᠯᠲᠡ᠎ᠶ᠋ᠢᠨ ᠶᠣᠰᠣᠯᠠᠯ᠎ᠤᠨ ᠠᠭᠤᠷ ᠠᠮᠢᠰᠭᠤᠯ᠎ᠢ ᠣᠷᠭᠢᠯ᠎ᠳᠤ ᠬᠦᠷᠭᠡᠵᠦ᠍ ᠂ ᠰᠠᠢᠨ ᠰᠠᠢᠬᠠᠨ ᠢᠷᠡᠭᠡᠳᠦᠶ᠎ᠶ᠋ᠢ ᠪᠠᠷᠠᠯᠠᠬᠤ ᠪᠠ ᠪᠡᠶ᠎ᠡ᠎ᠶ᠋ᠢᠨ ᠲᠠᠮᠢᠷ᠎ᠤᠨ ᠷᠢᠳᠢ ᠬᠦᠴᠦᠨ᠎ᠢ ᠬᠠᠮᠲᠤ᠎ᠪᠠᠷ ᠮᠡᠳᠡᠷᠡᠭᠦᠯᠪᠡ᠃
《ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ》 ᠤ᠋ ᠡᠬᠢᠯᠡᠯᠲᠡ᠎ᠶ᠋ᠢᠨ ᠶᠣᠰᠣᠯᠠᠯ᠎ᠤᠨ ᠶᠡᠷᠦᠩᠬᠡᠶ ᠤᠳᠤᠷᠢᠳᠤᠭᠠᠴᠢ ᠱᠠ ᠱᠢᠶᠤᠤ ᠯᠠᠨ ᠄ 《ᠡᠬᠢᠯᠡᠯᠲᠡ᠎ᠶ᠋ᠢᠨ ᠶᠣᠰᠣᠯᠠᠯ᠎ᠨᠢ ᠨᠢᠭᠡᠨ ᠱᠢᠨ᠎ᠡ᠎ᠶ᠋ᠢ ᠡᠭᠦᠳᠬᠦ᠌ ᠲᠣᠭᠠᠴᠢᠯᠠᠭ᠍ᠰᠠᠨ ᠲᠠᠪᠴᠠᠩ ᠪᠠᠢᠵᠦ᠂ ᠭᠠᠵᠠᠷ᠎ᠤᠨ ᠬᠥᠱᠢᠭᠡ᠂ ᠪᠣᠰᠣᠭ᠎ᠠ ᠳᠡᠯᠭᠡᠴᠡ᠂ ᠣᠷᠣᠶ᠎ᠶ᠋ᠢᠨ ᠴᠠᠭᠠᠷᠢᠭ ᠬᠡᠯᠪᠡᠷᠢ᠎ᠶ᠋ᠢᠨ ᠲᠤᠰᠭᠠᠯᠲᠠ ᠵᠢᠴᠢ ᠳᠡᠯᠭᠡᠴᠡ ᠵᠡᠷᠭᠡ ᠲᠠᠢᠰᠠᠨ᠎ᠤ ᠬᠡᠷᠡᠯ ᠵᠢᠷᠤᠭ᠎ᠤᠨ ᠠᠴᠢᠶᠠᠯᠠᠪᠤᠷᠢ᠎ᠶ᠋ᠢ ᠬᠡᠷᠡᠭ᠌ᠯᠡᠵᠦ᠍᠂ ᠲᠤᠰᠭᠠᠶ ᠮᠡᠷᠭᠡᠵᠢᠯ᠎ᠦᠨ ᠤᠷᠤᠯᠳᠤᠭᠠᠨ᠎ᠤ ᠵᠠᠮ ᠪᠣᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠠᠪᠴᠠᠩ᠎ᠢ ᠠᠭᠤᠰᠤᠯᠴᠠᠭᠤᠯᠤᠨ ᠨᠢᠭᠡ ᠴᠣᠭ᠍ᠴᠠᠵᠢᠭᠤᠯᠤᠭ᠍ᠰᠠᠨ ᠲᠣᠭ᠍ᠯᠠᠯᠲᠠ᠎ᠶ᠋ᠢᠨ ᠣᠷᠣᠨ ᠵᠠᠶ᠎ᠶ᠋ᠢ ᠪᠦᠲᠦᠭᠡᠯᠴᠢ ᠴᠢᠨᠠᠷᠲᠠᠶ᠎ᠪᠠᠷ ᠴᠣᠭ᠍ᠴᠠᠯᠠᠪᠠ᠃ ᠫᠷᠤᠭ᠌ᠷᠠᠮ᠎ᠢ ᠨᠠᠢᠷᠠᠭᠤᠯᠤᠨ ᠵᠢᠭ᠍ᠰᠠᠭᠠᠬᠤ ᠲᠠᠯ᠎ᠠ᠎ᠪᠠᠷ᠂ ᠤᠳᠤᠷᠢᠳᠤᠭᠠᠴᠢ᠎ᠶ᠋ᠢᠨ ᠳᠤᠭᠤᠢᠯᠠᠩ ᠣᠲᠣ ᠦᠶ᠎ᠡ᠎ᠶ᠋ᠢᠨ ᠢᠯᠡᠳᠭᠡᠬᠦ ᠭᠡᠯᠪᠡᠷᠢ ᠪᠡᠷ ᠥᠪᠥᠷ ᠮᠣᠩᠭᠣᠯ᠎ᠤᠨ ᠡᠯᠪᠡᠭ ᠪᠠᠶᠠᠯᠢᠭ ᠤᠯᠠᠮᠵᠢᠯᠠᠯᠲᠤ ᠰᠣᠶᠣᠯ ᠤᠷᠠᠯᠢᠭ᠎ᠤᠨ ᠡᠬᠢ ᠪᠠᠶᠠᠯᠢᠭ᠎ᠢ ᠢᠯᠡᠳᠭᠡᠨ ᠠᠭᠤᠳᠠᠯᠵᠤ᠂ ᠳᠤᠮᠳᠠᠳᠤ ᠤᠯᠤᠰ᠎ᠤᠨ ᠬᠡᠪ ᠨᠠᠮᠪᠠ᠂ ᠦᠨᠳᠦᠰᠦᠲᠡᠨ᠎ᠦ ᠴᠣᠭ ᠵᠢᠪᠬᠤᠭ᠎ᠠ᠂ ᠤᠮᠠᠷᠠᠲᠤ ᠬᠢᠯᠢ᠎ᠶ᠋ᠢᠨ ᠬᠥᠭ ᠠᠶᠠᠰ᠂ ᠪᠡᠶ᠎ᠡ᠎ᠶᠢᠨ ᠲᠠᠮᠢᠷ᠎ᠤᠨ ᠠᠮᠢᠵᠢᠷᠠᠯ᠎ᠤᠨ ᠬᠦᠴᠦᠨ᠂ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭ᠎ᠠ᠎ᠶ᠋ᠢ ᠢᠯᠡᠷᠡᠭᠦᠯᠪᠡ 》 ᠭᠡᠵᠦ ᠶᠠᠷᠢᠯ᠎ᠠ᠃
ᠲᠠᠯᠠᠪᠠᠢ᠎ᠳᠤ ᠭᠠᠯ ᠪᠠᠮᠪᠠᠷ ᠳᠠᠮᠵᠢᠭᠤᠯᠬᠤ ᠪᠠ ᠭᠤᠤᠯ ᠭᠠᠯ ᠪᠠᠮᠪᠠᠷ᠎ᠢ ᠨᠣᠴᠣᠭᠠᠬᠤ ᠶᠣᠰᠣᠯᠠᠯ ᠨᠢ ᠬᠥᠮᠦᠨ᠎ᠦ ᠰᠡᠳᠭᠢᠯ᠎ᠢ ᠳᠣᠭ᠍ᠳᠣᠯᠤᠭᠤᠯᠪᠡ᠃ 14 ᠱᠢᠨ᠎ᠡ ᠴᠠᠭ ᠦᠶ᠎ᠡ᠎ᠶ᠋ᠢᠨ ᠵᠠᠯᠠᠭᠤᠴᠤᠳ ᠭᠠᠯ ᠪᠠᠮᠪᠠᠷ᠎ᠢ ᠬᠦᠷᠢᠶᠡᠯᠡᠨ ᠤᠷᠤᠭ᠍ᠰᠢᠯᠠᠵᠤ᠂ ᠳᠤᠮᠳᠠᠳᠤ᠎ᠶ᠋ᠢᠨ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭ᠎ᠠ ᠭᠠᠯ ᠵᠠᠯᠠᠭᠤ ᠵᠢᠨ ᠬᠦᠰᠡᠯ ᠲᠡᠮᠡᠦᠯᠦᠯᠢ ᠬᠥᠰᠡᠷᠳᠡᠭᠦᠯᠬᠦ᠌ ᠦᠭᠡᠢ᠎ᠪᠡᠷ ᠦᠶ᠎ᠡ ᠲᠠᠮᠵᠢᠨ ᠤᠯᠠᠮᠵᠢᠯᠠᠬᠤ᠎ᠶ᠋ᠢ ᠪᠡᠯᠭᠡᠳᠡᠪᠡ᠃ ᠠᠽᠢᠶ᠎ᠠ ᠲᠢᠪ᠎ᠦᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠵᠡᠪᠰᠡᠭ᠎ᠤᠨ ᠡᠷᠳᠡᠮ᠎ᠤᠨ ᠴᠥᠷᠬᠡᠯᠡᠭᠡ ᠤᠷᠤᠯᠳᠤᠭᠠᠨ᠎ᠳᠤ ᠭᠤᠷᠪᠠᠨᠲᠠ ᠮᠠᠩᠯᠠᠢᠯᠠᠭ᠍ᠰᠠᠨ ᠰᠦᠨ ᠫᠸᠢ ᠶᠤᠸᠠᠨ᠂ ᠤᠯᠠᠨ ᠤᠯᠤᠰ᠎ᠤᠨ ᠴᠠᠰᠤᠨ᠎ᠤ ᠬᠣᠯᠪᠣᠭ᠎ᠠ᠎ᠳᠦ ᠤᠷᠤᠯᠳᠤᠭᠠᠨ᠎ᠤ ᠬᠤᠪᠢᠶᠠᠷᠢ ᠥᠷᠲᠡᠭᠡᠨ᠎ᠦ ᠤᠷᠤᠯᠳᠤᠭᠠᠨ᠎ᠤ ᠳᠠᠨᠭ᠌ ᠴᠠᠨᠠᠯᠠᠯᠲᠠ᠎ᠶᠢᠨ ᠵᠡᠷᠭᠡᠴᠡᠭᠡ ᠡᠷᠭᠢᠯᠲᠡ᠎ᠶ᠋ᠢᠨ ᠮᠠᠩᠯᠠᠶ ᠫᠧᠩ ᠴᠧᠩ᠂ 2024 ᠤᠨ᠎ᠤ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠴᠢᠯᠥᠭᠡᠲᠦ ᠮᠠᠶᠢᠭ᠎ᠤᠨ ᠴᠠᠨᠠᠯᠠᠯᠲᠠ᠎ᠶᠢᠨ U ᠬᠡᠯᠪᠡᠷᠢ᠎ᠶ᠋ᠢᠨ ᠲᠠᠯᠠᠪᠤᠷ᠎ᠤᠨ ᠤᠷ᠎ᠠ ᠮᠡᠷᠭᠡᠵᠢᠯ᠎ᠦᠨ ᠮᠠᠩᠯᠠᠶ ᠯᠢᠦ ᠢ ᠱᠠᠨ ᠲᠠᠯᠠᠪᠠᠢ᠎ᠳᠤ ᠳᠡᠰ ᠳᠠᠷᠠᠭᠠᠯᠠᠨ ᠭᠠᠯ ᠪᠠᠮᠪᠠᠷ ᠳᠠᠮᠵᠢᠭᠤᠯᠪᠠ᠃
ᠬᠠᠮᠤᠭ᠎ᠤᠨ ᠰᠡᠭᠦᠯ᠎ᠳᠦᠨᠢ ᠭᠠᠯ ᠪᠠᠮᠪᠠᠷ᠎ᠢ ᠫᠢᠶᠧᠩᠼᠠᠩ᠎ᠤᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠠ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠮᠠᠩᠯᠠᠶ᠂ ᠦᠢᠷ᠎ᠡ ᠵᠠᠮ᠎ᠤᠨ ᠲᠦᠷᠭᠡᠨ ᠲᠡᠱᠢᠯᠲᠡ᠎ᠶ᠋ᠢᠨ ᠡᠷᠡᠭ᠌ᠲᠡᠶ᠎ᠶ᠋ᠢᠨ 500 ᠮᠧᠲ᠋ᠷ᠎ᠦᠨ ᠳᠡᠯᠡᠬᠡᠶ᠎ᠶ᠋ᠢᠨ ᠲᠡᠮᠳᠡᠭ᠌ᠯᠡᠯ᠎ᠢ ᠬᠠᠳᠠᠭᠠᠯᠠᠭ᠍ᠴᠢ ᠦ᠋ ᠳ᠋ᠡ ᠵᠢᠩ᠎ᠦᠨ ᠭᠠᠷ᠎ᠲᠤ ᠳᠠᠮᠵᠢᠭᠤᠯᠪᠠ᠃ ᠬᠣᠶᠠᠷ 《ᠲᠣᠭᠠᠴᠢᠯᠠᠭ᠍ᠰᠠᠨ ᠮᠥᠰᠥᠨ ᠪᠥᠮᠪᠥᠭᠡ᠎ᠶ᠋ᠢᠨ ᠲᠠᠮᠢᠷᠴᠢᠨ》 ᠦ᠋ ᠳ᠋ᠡ ᠵᠢᠩ᠎ᠲᠡᠶ ᠬᠠᠮᠲᠤ᠎ᠪᠠᠷ ᠭᠣᠣᠯ ᠭᠠᠯ ᠪᠠᠮᠪᠠᠷ᠎ᠢ ᠠᠰᠠᠭᠠᠪᠠ᠃
ᠡᠬᠢᠯᠡᠯᠲᠡ᠎ᠶ᠋ᠢᠨ ᠶᠣᠰᠣᠯᠠᠯ᠎ᠨᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠭᠤᠤᠯ ᠰᠡᠳᠦᠪᠲᠦ ᠳᠠᠭᠤᠤ 《ᠱᠢᠨ᠎ᠡ ᠭᠠᠷᠤᠭ᠎ᠠ》 ᠶ᠋ᠢᠨ ᠳᠤᠮᠳᠠ ᠦᠨᠳᠦᠷᠯᠡᠪᠡ᠃ ᠬᠤᠸᠠᠷ ᠫᠤᠤᠵᠢᠩ ᠣᠭ᠍ᠲᠠᠷᠭᠤᠶ᠎ᠳᠤ ᠰᠠᠴᠤᠭᠳᠠᠵᠦ᠂ ᠳᠤᠯᠤᠭᠠᠨ ᠦᠨᠭᠭᠡ ᠪᠡᠷ ᠰᠤᠯᠤᠨᠭᠭᠠᠷᠠᠨ ᠰᠠᠢᠨ ᠰᠠᠢᠬᠠᠨ ᠬᠦᠰᠡᠯ ᠡᠷᠡᠮᠡᠯᠵᠡᠯ᠎ᠢ ᠳᠠᠮᠵᠢᠭᠤᠯᠤᠯ᠎ᠠ᠃
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠨᠢ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠲᠡᠦᠬᠡ᠎ᠶ᠋ᠢᠨ ᠱᠢᠨ᠎ᠡ ᠱᠢᠪᠲᠤᠯᠤᠯᠲᠠ᠎ᠶ᠋ᠢ ᠡᠭᠦᠳᠪᠡ᠃ ᠠᠩᠬᠠᠳᠤᠭᠠᠷ ᠤᠳᠠᠭ᠎ᠠ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢᠶᠠᠷ ᠪᠦᠬᠦ᠌ ᠲᠠᠯ᠎ᠠ᠎ᠪᠠᠷ ᠪᠠᠷᠢᠮᠵᠢᠶᠠᠯᠠᠵᠤ᠂ ᠤᠯᠠᠨ ᠲᠦᠮᠡᠨᠴᠢ ᠤᠷᠤᠯᠳᠤᠭᠠᠨ᠎ᠤ ᠲᠦᠷᠦᠯ ᠵᠦᠢᠯ᠎ᠢ ᠠᠩᠬ᠎ᠠ ᠤᠳᠠᠭ᠎ᠠ ᠲᠤᠬᠢᠷᠠᠭᠤᠯᠵᠤ᠂ ᠠᠩᠬ᠎ᠠ ᠤᠳᠠᠭ᠎ᠠ ᠮᠤᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ᠎ᠪᠠᠷ ᠨᠢᠭᠡᠴᠢ ᠪᠣᠯᠭᠠᠨ ᠠᠩᠭᠢ ᠵᠣᠬᠢᠶᠠᠨ ᠪᠠᠢᠭᠤᠯᠵᠤ ᠤᠷᠤᠯᠳᠤᠭᠠᠨ᠎ᠳᠤ ᠣᠷᠣᠯᠴᠠᠵᠤ᠂ ᠠᠩᠬ᠎ᠠ ᠤᠳᠠᠭ᠎ᠠ ᠪᠡᠶ᠎ᠡ᠎ᠶ᠋ᠢᠨ ᠲᠠᠮᠢᠷ᠎ᠤᠨ ᠴᠢᠳᠠᠪᠤᠷᠢ ᠪᠡᠷ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠬᠢᠷᠢ ᠬᠡᠮ᠎ᠦᠨ ᠤᠷᠤᠯᠳᠤᠭᠠᠨ᠎ᠳᠤ ᠣᠷᠣᠬᠤ ᠵᠥᠪᠱᠢᠶᠡᠷᠡᠯ᠎ᠦᠨ ᠪᠠᠷᠢᠮᠵᠢᠶ᠎ᠠ ᠪᠣᠯᠭᠠᠵᠤ᠂ ᠠᠩᠬ᠎ᠠ ᠤᠳᠠᠭ᠎ᠠ ᠲᠦᠷᠭᠡᠨ ᠲᠡᠱᠢᠯᠲᠡ᠂ ᠤᠭᠲᠠᠷᠭᠤᠢ ᠳᠡᠬᠢ ᠤᠷ᠎ᠠ ᠮᠡᠷᠭᠡᠵᠢᠯ ᠵᠡᠷᠭᠡ ᠲᠦᠷᠦᠯ ᠵᠦᠢᠯ ᠳᠡᠭᠡᠷ᠎ᠡ ᠱᠢᠢᠳᠪᠦᠷᠢᠲᠦ ᠤᠷᠤᠯᠳᠤᠭᠠᠨ᠎ᠳᠤ ᠣᠷᠣᠬᠤ ᠬᠠᠮᠤᠭ᠎ᠤᠨ ᠳᠣᠣᠷ᠎ᠠ ᠬᠢᠷᠢ ᠪᠦᠲᠦᠮᠵᠢ᠎ᠶ᠋ᠢᠨ ᠪᠠᠷᠢᠮᠵᠢᠶ᠎ᠠ᠎ᠶ᠋ᠢ ᠲᠣᠭ᠍ᠲᠠᠭᠠᠪᠠ᠃ ᠠᠯᠢ ᠤᠯᠠᠨ ᠱᠢᠨ᠎ᠡ᠎ᠶ᠋ᠢ ᠡᠭᠦᠳᠦᠭᠰᠡᠨ ᠦᠢᠯᠡᠳᠦᠯᠭᠡ ᠨᠢ ᠪᠦᠬᠦ ᠤᠯᠤᠰ᠎ᠤᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠬᠥᠭ᠌ᠵᠢᠯᠲᠡ᠎ᠳᠦ ᠠᠮᠢᠵᠢᠷᠠᠯ᠎ᠤᠨ ᠬᠦᠴᠦᠨ ᠨᠡᠮᠡᠷᠢᠯᠡᠵᠠᠢ᠃
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠠᠴᠠ ᠮᠢᠯᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠬᠦᠰᠡᠨ ᠬᠦᠯᠢᠶᠡᠶ᠎ᠡ᠃ ᠢᠷᠡᠬᠦ᠌ 10 ᠡᠳᠦᠷ᠎ᠲᠦ ᠂ ᠮᠥᠰᠥ᠍ ᠴᠠᠰᠤᠨ᠎ᠤ ᠲᠠᠮᠢᠷᠴᠢᠳ ᠤᠷᠤᠯᠳᠤᠭᠠᠨ᠎ᠤ ᠲᠠᠯᠠᠪᠤᠷ᠎ᠲᠤ ᠲᠦᠮᠡᠨ ᠠᠭ᠍ᠲᠠ᠎ᠶ᠋ᠢᠨ ᠲᠦᠪᠡᠷᠭᠡᠨ ᠮᠡᠲᠦ ᠰᠦᠷ ᠵᠢᠪᠬᠤᠭᠠᠲᠤ ᠲᠦᠷᠭᠦ᠎ᠪᠡᠷ ᠮᠡᠷᠭᠡᠵᠢᠯ ᠪᠠ ᠴᠢᠳᠠᠪᠤᠷᠢ ᠪᠠᠨ ᠰᠢᠯᠭᠠᠵᠦ᠂ ᠲᠥᠪ ᠭᠤᠤᠯᠴᠢ ᠠᠷᠢᠭᠤᠨ ᠴᠢᠬᠡᠴᠢ ᠪᠡᠷ ᠪᠦᠯᠬᠦᠮᠳᠡᠨ ᠲᠡᠮᠡᠴᠡᠵᠦ᠍᠂ ᠥᠪᠡᠷ᠎ᠢ᠎ᠪᠡᠨ ᠳᠠᠪᠠᠭ᠍ᠰᠠᠨ᠂ ᠦᠨᠳᠦᠰᠦᠲᠡᠨ ᠨᠤᠭᠦᠳ ᠪᠦᠯᠬᠦᠮᠳᠡᠨ ᠠᠭᠤᠰᠤᠯᠴᠠᠭ᠍ᠰᠠᠨ ᠭᠣᠢᠳᠠ ᠰᠠᠢᠬᠠᠨ ᠵᠢᠷᠤᠭ ᠳᠦᠷᠰᠦ᠎ᠶ᠋ᠢ ᠬᠠᠮᠲᠤ᠎ᠪᠠᠷ ᠵᠢᠷᠤᠭ᠍ᠯᠠᠵᠤ᠂ ᠳᠤᠮᠳᠠᠳᠤ᠎ᠶ᠋ᠢᠨ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭ᠎ᠠ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠵᠣᠷᠢᠭ ᠰᠠᠨᠠᠭ᠎ᠠ ᠪᠣᠯᠤᠨ ᠣᠯᠢᠮᠫᠢᠺ᠎ᠤᠨ ᠵᠣᠷᠢᠭ ᠰᠠᠨᠠᠭ᠎ᠠ᠂ ᠮᠣᠩᠭᠣᠯ ᠮᠣᠷᠢᠨ᠎ᠤ ᠵᠣᠷᠢᠭ ᠰᠠᠨᠠᠭ᠎ᠠ᠎ᠵᠢ ᠢᠯᠡᠷᠡᠬᠦᠯᠬᠦ ᠨᠢ ᠯᠠᠪᠲᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃