ᠰᠣᠶᠣᠯ ᠤᠷᠠᠯᠢᠭ > ᠠᠷᠪᠠᠨ ᠳᠥᠷᠪᠡᠳᠦᠭᠡᠷ ᠬᠤᠭᠤᠴᠠᠭᠠᠨ᠎ᠤ᠋ ᠡᠪᠦᠯ᠎ᠦ᠋ᠨ ᠤᠯᠠᠷᠢᠯ᠎ᠤ᠋ᠨ ᠲᠠᠮᠢᠷ᠎ᠤ᠋ᠨ ᠴᠤᠭᠯᠠᠭᠠᠨ

2024-02-18 18:59:11

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2 ᠰᠠᠷ᠎ᠠ᠎ᠶ᠋ᠢᠨ 17᠎ᠤ ᠡᠳᠦᠷ᠂《ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ》 ᠪ ᠯᠢᠶᠠᠩᠴᠧᠩ ᠤᠷᠤᠯᠳᠤᠭᠠᠨ᠎ᠤ ᠲᠣᠭᠣᠷᠢᠭ᠎ᠲᠤ ᠬᠡᠭᠡᠷᠡᠯᠡᠨ ᠴᠠᠨᠠᠯᠠᠯᠳᠠ᠎ᠶ᠋ᠢᠨ ᠢᠯᠠ ᠳᠤᠭᠤᠢᠯᠠᠩ᠎ᠤᠨ ᠡᠮᠡᠭ᠌ᠲᠡᠢ ᠪᠣᠯᠤᠨ ᠡᠷᠡᠭ᠌ᠲᠠᠢ ᠵᠢᠨ ᠬᠤᠪᠢ ᠬᠥᠮᠦᠨ᠎ᠦ ᠤᠢ᠍ᠢᠷ᠎ᠠ ᠵᠠᠢ (ᠤᠯᠠᠮᠵᠢᠯᠠᠯᠲᠤ ᠮᠡᠷᠭᠡᠵᠢᠯ︶ ᠵᠢᠨ ᠤᠷᠤᠯᠳᠤᠭᠠᠨ᠎ᠶᠠᠪᠤᠭᠳᠠᠪᠠ᠃


截图20240218184501.png


ᠬᠢᠷᠢ ᠬᠡᠮ᠎ᠦᠨ ᠤᠷᠤᠯᠳᠤᠭᠠᠨ᠎ᠠᠴᠠ ᠱᠢᠶ᠋ᠳᠪᠦᠷᠢᠲᠦ ᠤᠷᠤᠯᠳᠤᠭᠠᠨ ᠪᠣᠯᠲᠠᠯᠠᠬᠢ ᠳᠥᠷᠪᠡᠨ ᠡᠭᠡᠯᠵᠢ᠎ᠶ᠋ᠢᠨ ᠱᠢᠷᠦᠭᠦᠨ ᠤᠷᠤᠯᠳᠤᠭᠠᠨ᠎ᠢᠶᠠᠷ ᠳᠠᠮᠵᠢᠭᠠᠳ᠂ ᠭᠢᠷᠢᠨ ᠤ᠋ ᠲᠦᠯᠦᠭᠡᠯᠡᠭᠴᠢᠳ ᠤ᠋ᠨ ᠠᠩᠭᠢ᠎ᠶ᠋ᠢᠨ ᠯᠢ ᠯᠧᠢ ᠪᠣᠯᠤᠨ ᠴᠦᠩᠴᠢᠩ᠎ᠦᠨ ᠲᠦᠯᠦᠭᠡᠯᠡᠭᠴᠢᠳ ᠤ᠋ᠨ ᠠᠩᠭᠢ᠎ᠶ᠋ᠢᠨ ᠸᠠᠩ ᠴᠢᠶᠠᠩ ᠲᠤᠰ ᠲᠤᠰ ᠬᠡᠭᠡᠷᠡᠯᠡᠨ ᠴᠠᠨᠠᠯᠠᠯᠳᠠ ᠵᠢᠨ ᠢᠯᠠ ᠳᠤᠭᠤᠢᠯᠠᠩ᠎ᠤᠨ ᠡᠮᠡᠭ᠌ᠲᠡᠶ ᠪᠠ ᠡᠷᠡᠭ᠌ᠲᠡᠶ᠎ᠶ᠋ᠢᠨ ᠬᠤᠪᠢ ᠬᠥᠮᠦᠨ᠎ᠦ ᠤᠢᠷ᠎ᠠ ᠵᠠᠢ (ᠤᠯᠠᠮᠵᠢᠯᠠᠯᠲᠤ ᠮᠡᠷᠭᠡᠵᠢᠯᠵᠢᠨ ᠤᠷᠤᠯᠳᠤᠭᠠᠨ᠎ᠤ ᠠᠯᠲᠠᠨ ᠮᠧᠳᠠᠯ᠎ᠢ ᠣᠯᠵᠠᠶ᠃

ᠬᠦᠴᠦᠷᠬᠡᠭ ᠥᠷᠢᠰᠥᠯᠳᠦᠭ᠌ᠴᠢ᠎ᠶ᠋ᠢᠨ ᠡᠮᠦᠨ᠎ᠡ ᠂ ᠯᠢ ᠯᠸᠢ ᠡᠷᠡᠰ ᠬᠠᠲᠠᠭᠤ ᠵᠣᠷᠢᠭ ᠭᠠᠷᠭᠠᠨ ᠦᠷᠢᠰᠦᠯᠳᠦᠭᠴᠢ ᠡᠲᠡᠭᠡᠳ᠎ᠢᠶᠡᠨ ᠳᠠᠪᠠᠨ ᠮᠠᠩᠯᠠᠢᠯᠠᠵᠠᠢ᠃ 《ᠮᠢᠨᠦ᠍ ᠳᠠᠰᠭᠠᠯᠵᠢᠭᠤᠯᠤᠭ᠍ᠴᠢ ᠪᠣᠯᠤᠨ ᠪᠦᠯᠬᠦᠮ᠎ᠦᠨ ᠨᠦᠬᠦᠳ ᠨᠠᠮ᠎ᠠ ᠵᠢ ᠬᠠᠪᠰᠤᠷᠤᠨ ᠲᠡᠮᠵᠢᠵᠤ ᠢᠷᠡᠭᠰᠡᠨ ᠳ᠋ᠤ ᠣᠨᠴᠠᠭᠠᠢᠯᠠᠨ ᠲᠠᠯᠠᠷᠬᠠᠵᠤ ᠪᠠᠢᠨ᠎ᠠ᠂ ᠲᠡᠳᠡᠨ᠎ᠤ ᠬᠠᠪᠰᠤᠷᠤᠯᠭ᠎ᠠ ᠲᠡᠮᠵᠢᠯᠭᠡ ᠪᠠᠢᠭ᠍ᠤ ᠦᠭᠡᠢ ᠪᠣᠯ ᠮᠢᠨᠦ᠍ ᠥᠨᠥᠳᠦᠷ᠎ᠦᠨ ᠬᠢᠷᠢ ᠪᠦᠲᠦᠮᠵᠢ ᠪᠠᠢᠵᠤ ᠴᠢᠳᠠᠬᠤ ᠦᠭᠡᠢ᠂ ᠲᠤᠰ ᠤᠳᠠᠭᠠᠨ᠎ᠤ ᠤᠷᠤᠯᠳᠤᠭᠠᠨ᠎ᠳᠤ ᠪᠢ ᠬᠡᠳᠦᠨ ᠵᠢᠯ ᠪᠡᠯᠡᠳᠭᠡᠭ᠌ᠰᠡᠨ᠂ ᠪᠢ ᠱᠠᠩᠨᠠᠯ ᠣᠯᠭᠣᠬᠤ ᠲᠠᠢᠰᠠᠨ᠎ᠳᠤ ᠭᠠᠷᠬᠤ ᠵᠢ ᠬᠦᠰᠡᠨ ᠬᠦᠯᠢᠶᠡᠵᠤ ᠪᠠᠢᠭᠰᠠᠨ︾ ᠬᠡᠵᠤ ᠯᠢ ᠯᠸᠢ ᠶᠡᠷᠢᠨ᠎ᠠ᠃

ᠴᠦᠩᠴᠢᠩ᠎ᠦᠨ ᠲᠦᠯᠦᠭᠡᠯᠡᠭᠴᠢᠳ ᠤ᠋ᠨ ᠠᠩᠭᠢ᠎ᠶ᠋ᠢᠨ ᠸᠠᠩ ᠴᠢᠶᠠᠩ ᠤᠢᠷ᠎ᠠ᠎ᠶ᠋ᠢᠨ ᠬᠡᠳᠦᠨ ᠡᠳᠤᠷ ᠵᠠᠯᠭᠠᠭ᠎ᠠ ᠪᠡᠷ ᠬᠡᠳᠤᠨ ᠤᠳᠠᠭ᠎ᠠ ᠤᠷᠤᠯᠳᠤᠭᠠᠨ ᠳ᠋ᠤ ᠤᠷᠤᠯᠴᠠᠭᠰᠠᠨ᠎ᠠᠴᠠ ᠪᠣᠯᠵᠤ ᠲᠡᠩᠭᠡᠭᠡ ᠲᠠᠮᠢᠷ ᠮᠠᠭᠤᠳᠠᠭᠰᠠᠨ ᠬᠦᠴᠢᠷᠳᠡᠯ ᠵᠢᠡᠨ ᠢᠯᠠᠨ ᠳᠠᠪᠠᠵᠤ᠂ ᠭᠤᠷᠪᠠᠳᠤᠭᠠᠷ ᠤᠳᠠᠭ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠬᠠᠮᠤᠭ᠎ᠤᠨ ᠥᠨᠳᠥᠷ ᠱᠠᠩᠨᠠᠯ ᠤ᠋ᠨ ᠲᠠᠢᠰᠠᠨ᠎ᠳᠤ ᠭᠠᠷᠪᠠ᠃《ᠭᠤᠷᠪᠠᠨ ᠲᠦᠷᠦᠯ᠎ᠦᠨ ᠤᠷᠤᠯᠳᠤᠭᠠᠨ᠎ᠤ ᠮᠠᠩᠯᠠᠶ ᠪᠣᠯᠤᠭ᠍ᠰᠠᠨ᠎ᠳᠠᠭᠠᠨ ᠪᠢ ᠦᠨᠡᠬᠡᠷ ᠮᠠᠰᠢ ᠪᠠᠶᠠᠷᠯᠠᠵᠤ ᠪᠠᠢᠨ᠎ᠠ᠂ ᠪᠠᠰᠠ ᠭᠤᠷᠪᠠᠨ ᠲᠦᠷᠦᠯ᠎ᠦᠨ ᠤᠷᠤᠯᠳᠤᠭᠠᠨ᠎ᠲᠠᠶ᠂ ᠪᠢ ᠠᠯᠲᠠᠨ ᠮᠧᠳᠠᠯ ᠤᠯᠬᠤ ᠪᠡᠷ ᠦᠷᠭᠦᠯᠵᠢᠯᠡᠨ ᠴᠢᠷᠮᠠᠢᠨ᠎ᠠ᠃ ᠡᠨᠡ ᠤᠳᠠᠭᠠᠨ ᠤ᠋ ᠲᠠᠮᠢᠷ ᠤ᠋ᠨ ᠴᠤᠭ᠍ᠯᠠᠭᠠᠨ ᠨᠢ ᠮᠢᠨᠤ ᠬᠠᠮᠤᠭ ᠰᠡᠭᠦᠯᠴᠢ᠎ᠶ᠋ᠢᠨ ᠤᠳᠠᠭ᠎ᠠ ᠤᠷᠤᠯᠴᠠᠬᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠪᠠᠢᠵᠤ ᠮᠡᠳᠡᠨ᠎ᠡ᠂ ᠡᠢᠮᠤ ᠡᠴᠡ ᠪᠢ ᠨᠡᠩ ᠰᠠᠢᠨ ᠬᠢᠷᠢ ᠪᠦᠲᠦᠮᠵᠢ ᠤᠯᠵᠦ᠂ ᠰᠢᠨ᠎ᠠ ᠭᠠᠢᠬᠠᠮᠰᠢᠬ᠎ᠢ ᠡᠬᠦᠳᠬᠦ ᠰᠠᠨᠠᠭ᠎ᠠ ᠲᠠᠢ︾ ᠬᠡᠵᠤ ᠸᠠᠩ ᠴᠢᠶᠠᠩ ᠰᠤᠷᠪᠤᠯᠵᠢᠯᠠᠬᠴᠢ ᠳ᠋ᠦ ᠶᠠᠷᠢᠯ᠎ᠠ᠃


ᠵᠤᠬᠢᠶᠠᠯ \\ ᠵᠢᠷᠤᠭ᠄ ᠲᠤᠰ ᠰᠣᠨᠢᠨ᠎ᠤ ᠰᠤᠷᠪᠤᠯᠵᠢᠯᠠᠭ᠍ᠴᠢ ᠬᠠᠢ ᠵᠢᠶᠦ᠋ᠨ ᠢᠳᠡᠷᠡᠬᠦᠨ ᠰᠠᠨᠰᠡᠷ


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面