ᠰᠣᠶᠣᠯ ᠤᠷᠠᠯᠢᠭ > ᠠᠷᠪᠠᠨ ᠳᠥᠷᠪᠡᠳᠦᠭᠡᠷ ᠬᠤᠭᠤᠴᠠᠭᠠᠨ᠎ᠤ᠋ ᠡᠪᠦᠯ᠎ᠦ᠋ᠨ ᠤᠯᠠᠷᠢᠯ᠎ᠤ᠋ᠨ ᠲᠠᠮᠢᠷ᠎ᠤ᠋ᠨ ᠴᠤᠭᠯᠠᠭᠠᠨ

2024-02-18 19:48:56

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠦᠨᠳᠦᠰᠦᠲᠡᠨ᠎ᠦ ᠣᠨᠴᠠᠯᠢᠭ᠎ᠲᠠᠶ ᠳᠠᠭᠤᠤ ᠪᠥᠵᠢᠭ᠎ᠦᠨ ᠲᠣᠭ᠍ᠯᠠᠯᠲᠠ ᠂ ᠬᠠᠩᠭᠢᠨᠠᠮ᠎ᠠ ᠰᠠᠢᠬᠠᠨ ᠤᠷᠳᠤ᠎ᠶ᠋ᠢᠨ ᠳᠠᠭᠤᠤ ᠂ ᠤᠶᠠᠩᠭᠠᠲᠤ ᠰᠠᠢᠬᠠᠨ ᠬᠥᠭ᠌ᠵᠢᠮ ᠁


4952797_erban_1708185741042_m.jpg


《ᠡᠷᠲᠡᠨ᠎ᠦ ᠬᠣᠲᠠ᠎ᠪᠠᠷ ᠵᠤᠭᠠᠴᠠᠶ᠎ᠠ》 ᠬᠡᠬᠦ ᠤᠷᠠᠨ ᠰᠠᠢᠬᠠᠨ᠎ᠤ ᠲᠣᠭ᠍ᠯᠠᠯᠲᠠ᠎ᠶ᠋ᠢᠨ ᠠᠵᠢᠯᠯᠠᠭ᠎ᠠ 2 ᠰᠠᠷ᠎ᠠ᠎ᠶ᠋ᠢᠨ 14᠎ᠤ ᠡᠳᠦᠷ᠎ᠡᠴᠡ ᠬᠠᠢᠯᠠᠷ ᠲᠤᠭᠤᠷᠢᠭ᠎ᠤᠨ《ᠡᠷᠲᠡᠨ᠎ᠦ ᠬᠤᠳᠠ》᠎ᠳᠦ ᠡᠬᠢᠯᠡᠵᠦ᠍᠂ ᠠᠩᠬᠠᠨ᠎ᠤ ᠲᠠᠯᠠᠪᠠᠢ ᠲᠣᠭ᠍ᠯᠠᠯᠲᠠ᠎ᠶ᠋ᠢ 2.8 ᠲᠦᠮᠡᠨ ᠬᠥᠮᠦᠨ ᠤᠳᠠᠭ᠎ᠠ ᠰᠣᠨᠢᠷᠬᠠᠪᠠ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠲᠤᠬᠢᠶᠠᠵᠦ ᠪᠠᠢᠭ᠎ᠠ ᠪᠠᠶᠠᠰᠭᠤᠯᠠᠩᠲᠤ᠎ᠮᠦᠴᠡ᠎ᠳᠦ᠂ ᠬᠥᠯᠥᠨ ᠪᠣᠢᠷ᠎ᠤᠨ ᠡᠷᠲᠡᠨ᠎ᠦ ᠬᠣᠲᠠ᠎ᠶ᠋ᠢᠨ ᠤᠯᠤᠰ᠎ᠤᠨ ᠲᠠᠰ᠎ᠤᠨ ᠵᠢᠭᠤᠯᠴᠢᠯᠠᠯ ᠰᠡᠯᠡᠭᠦᠴᠡᠯ᠎ᠦᠨ ᠵᠡᠭᠡᠯᠢ ᠲᠣᠭᠣᠷᠢᠭ᠎ᠲᠤ ᠪᠠᠰᠠ ᠴᠠᠭᠠᠨ ᠰᠠᠷ᠎ᠠ᠎ᠶ᠋ᠢᠨ ᠠᠷᠪᠠᠨ ᠲᠠᠪᠤᠨ᠎ᠤ ᠪᠠᠶᠠᠷ᠎ᠢ ᠪᠡᠯᠭᠡᠯᠡᠬᠦ᠌ ᠤᠷᠤᠯᠳᠤᠭᠠᠨ᠎ᠢ ᠰᠣᠨᠢᠷᠬᠠᠬᠤ ᠵᠡᠷᠭᠡ 8 ᠲᠠᠯᠠᠪᠤᠷ ᠡᠪᠦᠯ᠎ᠦᠨ ᠤᠯᠠᠷᠢᠯ᠎ᠤᠨ ᠰᠣᠶᠣᠯ ᠵᠢᠭᠤᠯᠴᠢᠯᠠᠯ᠎ᠤᠨ ᠠᠵᠢᠯᠯᠠᠭ᠎ᠠ ᠲᠤᠬᠢᠷᠠᠭᠤᠯᠵᠦ᠂ 28᠎ᠤ ᠡᠳᠦᠷ ᠪᠤᠯᠲᠠᠯ᠎ᠠ ᠶᠠᠪᠤᠭᠳᠠᠭᠤᠯᠬᠤ ᠪᠡᠷ ᠪᠤᠢ᠃

ᠭᠣᠢᠳᠠ ᠰᠠᠢᠬᠠᠨ ᠮᠥᠰᠥᠨ ᠱᠤᠭᠤᠮᠠᠯ ᠪᠠ ᠦᠨᠳᠦᠰᠦᠳᠡᠨ᠎ᠤ ᠤᠨᠴᠠᠯᠢᠬᠳᠤ ᠬᠤᠳᠠᠯᠳᠤᠭ᠎ᠠ ᠨᠢ ᠳᠥᠷᠪᠡᠨ ᠵᠦᠭ᠎ᠤᠨ ᠵᠣᠴᠢᠳ᠎ᠲᠤ ᠬᠦᠯᠦᠨ ᠪᠤᠢᠷ᠎ᠤᠨ ᠮᠥᠰᠥ᠍ ᠴᠠᠰᠤᠨ᠎ᠤ ᠭᠤᠤ᠎ᠠ ᠰᠠᠢᠬᠠᠨ ᠪᠠ ᠠᠷᠠᠳ᠎ᠤᠨ ᠵᠠᠩ ᠦᠶ᠋ᠯᠡ᠎ᠶ᠋ᠢᠨ ᠷᠢᠳᠢ ᠱᠢᠳᠢ᠎ᠶ᠋ᠢ ᠭᠦᠶ᠋ᠴᠡᠳ ᠮᠡᠳᠡᠷᠡᠭᠦᠯᠬᠦ᠌ ᠪᠣᠯᠤᠨ᠎ᠠ᠃


ᠵᠤᠬᠢᠶᠠᠯ \\ ᠵᠢᠷᠤᠭ᠄ ᠲᠤᠰ ᠰᠤᠨᠢᠨ᠎ᠤ ᠰᠤᠷᠪᠤᠯᠵᠢᠯᠠᠭ᠍ᠴᠢ ᠴᠸᠨ ᠨᠠᠷᠠᠨᠳᠤᠨᠭᠭᠠᠯᠠᠭ ᠴᠤᠪᠤᠭᠤ ᠠᠯᠤᠰ


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面