2024-02-18 19:52:01
2 ᠰᠠᠷ᠎ᠠ᠎ᠶ᠋ᠢᠨ 17᠎ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠳᠠᠡᠭ ᠴᠠᠨ᠎ᠠ ᠢ᠋ᠢᠨ U ᠲᠠᠯᠠᠪᠤᠷ ᠤ᠋ᠨ ᠤᠷ᠎ᠠ ᠮᠡᠷᠭᠡᠵᠢᠯ᠎ᠦᠨ ᠱᠢᠶ᠋ᠳᠪᠦᠷᠢᠲᠦ ᠤᠷᠤᠯᠳᠤᠭᠠᠨ ᠵᠠᠯᠠᠨ ᠠᠢᠯ ᠬᠤᠲᠠ ᠵᠢᠨ ᠵᠢᠨ ᠯᠦᠩ ᠱᠠᠨ ᠴᠠᠨᠠᠯᠠᠯᠲᠠ ᠢ᠋ᠢᠨ ᠲᠠᠯᠠᠪᠠᠶ᠎ᠳᠤ ᠶᠠᠪᠤᠭ᠍ᠳᠠᠵᠤ᠂ ᠨᠡᠢ᠌ᠲᠡ 32 ᠲᠠᠮᠢᠷᠴᠢᠨ ᠤᠷᠤᠯᠴᠠᠵᠤ᠂ 4ᠠᠯᠲᠠᠨ ᠮᠧᠳᠠᠯ ᠳᠤᠳᠤᠷᠠᠭᠰᠠᠨ ᠪᠠᠢᠨ᠎ᠠ᠃

ᠢᠯᠡ ᠤᠷᠤᠯᠳᠤᠭᠠᠨ ᠤ᠋ ᠳᠤᠭᠤᠢᠯᠠᠩ᠎ᠤᠨ ᠡᠷᠡᠭ᠌ᠲᠡᠶ᠎ᠶ᠋ᠢᠨ ᠳᠠᠡᠭ ᠴᠠᠨ᠎ᠠ ᠢ᠋ᠢᠨ U ᠲᠠᠯᠠᠪᠤᠷ ᠤ᠋ᠨ ᠤᠷ᠎ᠠ ᠮᠡᠷᠭᠡᠵᠢᠯ᠎ᠦᠨ ᠱᠢᠶ᠋ᠳᠪᠦᠷᠢᠲᠦ ᠤᠷᠤᠯᠳᠤᠭᠠᠨ ᠳ᠋ᠤ ᠪᠡᠭᠡᠵᠢᠩ᠎ᠦᠨ ᠲᠦᠯᠦᠭᠡᠯᠡᠭᠴᠢᠳ ᠤ᠋ᠨ ᠠᠩᠭᠢ᠎ᠶ᠋ᠢᠨ ᠲᠠᠮᠢᠷᠴᠢᠨ ᠸᠠᠩ ᠽᠢ ᠶᠠᠩ ᠠᠯᠲᠠᠨ ᠮᠧᠳᠠᠯ ᠣᠯᠵᠤ᠂ ᠢᠯᠡᠤᠷᠤᠯᠳᠤᠭᠠᠨ ᠤ᠋ ᠳᠤᠭᠤᠢᠯᠠᠩ᠎ᠤᠨ ᠡᠮᠡᠭ᠌ᠲᠡᠶ᠎ᠶ᠋ᠢᠨ U ᠲᠠᠯᠠᠪᠤᠷ᠎ᠤᠨ ᠤᠷ᠎ᠠ ᠮᠡᠷᠭᠡᠵᠢᠯ᠎ᠦᠨ ᠱᠢᠶ᠋ᠳᠪᠦᠷᠢᠲᠦ ᠤᠷᠤᠯᠳᠤᠭᠠᠨ ᠳ᠋ᠤ ᠬᠠᠷᠠᠮᠥ᠋ᠷᠡᠨ᠎ᠦ ᠲᠦᠯᠦᠭᠡᠯᠡᠭᠴᠢᠳ ᠤ᠋ᠨ ᠠᠩᠭᠢ᠎ᠶ᠋ᠢᠨ ᠲᠠᠮᠢᠷᠴᠢᠨ ᠼᠠᠢ ᠱᠢᠤᠸᠠᠢ ᠲᠦᠩ ᠠᠯᠲᠠᠨ ᠮᠧᠳᠠᠯ ᠣᠯᠪᠠ᠃ ᠵᠠᠯᠠᠭᠤᠴᠤᠳ᠎ᠤᠨ ᠳᠤᠭᠤᠢᠯᠠᠩ᠎ᠤᠨ ᠡᠷᠡᠭ᠌ᠲᠡᠶ᠎ᠶ᠋ᠢᠨ U ᠲᠠᠯᠠᠪᠤᠷ᠎ᠤᠨ ᠤᠷ᠎ᠠ ᠮᠡᠷᠭᠡᠵᠢᠯ᠎ᠦᠨ ᠱᠢᠶ᠋ᠳᠪᠦᠷᠢᠲᠦ ᠤᠷᠤᠯᠳᠤᠭᠠᠨ ᠳ᠋ᠤ ᠯᠢᠶᠣᠤᠨᠢᠩ᠎ᠤᠨ ᠲᠦᠯᠦᠭᠡᠯᠡᠭᠴᠢᠳ ᠤ᠋ᠨ ᠠᠩᠭᠢ᠎ᠶ᠋ᠢᠨ ᠲᠠᠮᠢᠷᠴᠢᠨ ᠷᠧᠨ ᠵᠥᠩ ᠱᠦᠸᠸ ᠠᠯᠲᠠᠨ ᠮᠧᠳᠠᠯ ᠣᠯᠵᠤ᠂ ᠵᠠᠯᠠᠭᠤᠴᠤᠳ᠎ᠤᠨ ᠳᠤᠭᠤᠢᠯᠠᠩ᠎ᠤᠨ ᠡᠮᠡᠭ᠌ᠲᠡᠶ᠎ᠶ᠋ᠢᠨ U ᠲᠠᠯᠠᠪᠤᠷ᠎ᠤᠨ ᠤᠷ᠎ᠠ ᠮᠡᠷᠭᠡᠵᠢᠯ᠎ᠦᠨ ᠱᠢᠶ᠋ᠳᠪᠦᠷᠢᠲᠦ ᠤᠷᠤᠯᠳᠤᠭᠠᠨ ᠳ᠋ᠤ ᠾᠸᠪᠸᠢ ᠵᠢᠨ ᠲᠦᠯᠦᠭᠡᠯᠡᠭᠴᠢᠳ ᠤ᠋ᠨ ᠠᠩᠭᠢ᠎ᠶ᠋ᠢᠨ ᠲᠠᠮᠢᠷᠴᠢᠨ ᠯᠢᠦ ᠢ ᠪᠥᠸᠧ ᠠᠯᠲᠠᠨ ᠮᠧᠳᠠᠯ ᠭᠠᠷᠳᠠᠵᠠᠢ᠃
ᠵᠤᠬᠢᠶᠠᠯ \\ ᠵᠢᠷᠤᠭ ᠄ ᠲᠤᠰ ᠰᠤᠨᠢᠨ᠎ᠤ ᠰᠤᠷᠪᠤᠯᠵᠢᠯᠠᠭ᠍ᠴᠢ ᠪᠢᠯᠢᠭᠲᠦ ᠬᠦᠭᠵᠢᠯᠳᠤ ᠬᠦᠪᠴᠢᠨ ᠦᠨᠢᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃