ᠰᠣᠶᠣᠯ ᠤᠷᠠᠯᠢᠭ > ᠠᠷᠪᠠᠨ ᠳᠥᠷᠪᠡᠳᠦᠭᠡᠷ ᠬᠤᠭᠤᠴᠠᠭᠠᠨ᠎ᠤ᠋ ᠡᠪᠦᠯ᠎ᠦ᠋ᠨ ᠤᠯᠠᠷᠢᠯ᠎ᠤ᠋ᠨ ᠲᠠᠮᠢᠷ᠎ᠤ᠋ᠨ ᠴᠤᠭᠯᠠᠭᠠᠨ

2024-02-18 19:33:01

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2 ᠰᠠᠷ᠎ᠠ᠎ᠶ᠋ᠢᠨ 17᠎ᠤ ᠡᠳᠦᠷ᠂ ᠬᠦᠬᠡ ᠯᠣᠣ ᠵᠢᠯ᠎ᠦᠨ ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠨᠠᠢ᠍ᠮᠠᠨ᠃

ᠬᠥᠯᠥᠨ ᠪᠤᠢ᠌ᠷ᠎ᠤᠨ ᠡᠬᠡ ᠭᠠᠵᠠᠷ᠎ᠲᠤ ᠴᠠᠭᠠᠨ ᠴᠠᠰᠤ ᠵᠥᠭᠡᠯᠡᠨ ᠬᠠᠶᠠᠯᠠᠨ᠎ᠠ᠂ ᠶᠠᠭ ᠯᠠ ᠨᠠᠢ᠍ᠮᠠᠨ ᠵᠦᠭ᠎ᠦᠨ ᠵᠣᠴᠢᠳ ᠲᠤ᠌ 《ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠲᠠᠨ᠎ᠢ ᠪᠠᠶᠠᠷᠯᠠᠨ ᠤᠭ᠍ᠲᠤᠵᠤ ᠪᠠᠢᠨ᠎ᠠ 》 ᠬᠡᠮᠡᠨ ᠮᠦᠰᠦ ᠴᠠᠰᠤᠨ ᠤ᠋ ᠤᠷᠢᠯᠭ᠎ᠠ ᠲᠠᠯᠪᠢᠵᠤ ᠪᠠᠢᠭ᠎ᠠ ᠶᠤᠮᠰᠢᠭ!


截图20240218184631.png


ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ ᠎ᠤ ᠲᠠᠮᠢᠷᠴᠢᠳ᠎ᠤᠨ ᠳᠦᠯᠦᠬᠡᠯᠡᠭᠴᠢᠳ᠎ᠤᠨ ᠪᠦᠯᠬᠦᠮ ᠡᠬᠢᠯᠡᠯᠳᠡ ᠵᠢᠨ ᠶᠤᠰᠤᠯᠠᠯ᠎ᠤᠨ ᠠᠬᠤᠢ ᠲᠠᠯᠠᠪᠠᠢ ᠳ᠋ᠦ ᠤᠷᠤᠵᠦ ᠪᠠᠢᠭ᠎ᠠ ᠨᠢ


ᠡᠨᠡ ᠤᠷᠤᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠥᠰᠥᠨ ᠳᠡᠭᠡᠷᠡᠬᠢ ᠲᠠᠮᠢᠷ᠎ᠤᠨ ᠬᠥᠳᠡᠯᠭᠡᠭᠡᠨ᠎ᠦ ᠪᠣᠯᠪᠠᠰᠤᠷᠠᠯ᠎ᠤᠨ ᠲᠥᠪ ᠪᠠᠶᠠᠷ ᠪᠠᠶᠠᠰᠤᠯ᠎ᠢᠶᠠᠷ ᠪᠢᠯᠬᠠᠵᠤ᠂ ᠬᠦᠰᠡᠯ ᠵᠡᠭᠦᠳᠦ᠍ ᠵᠢ ᠠᠴᠢᠶᠠᠯᠠᠨ᠎ᠠ᠂ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ ᠡᠨᠳᠡ ᠶᠠᠪᠤᠭ᠍ᠳᠠᠪᠠ᠃ ᠡᠬᠢᠯᠡᠯᠲᠡ᠎ᠶ᠋ᠢᠨ ᠶᠣᠰᠣᠯᠠᠯ 《ᠮᠦᠰᠦ ᠴᠠᠰᠤᠨ᠎ᠳᠤ ᠤᠷᠮ᠎ᠠ ᠰᠡᠳᠬᠢᠯᠭᠡ ᠵᠢᠨ ᠭᠠᠯ᠎ᠢ ᠲᠦᠷᠡᠯᠵᠡᠬᠦᠯᠵᠦ ᠤᠮᠠᠷᠠᠳᠤ ᠬᠢᠯᠢ᠎ᠳᠤ ᠬᠦᠰᠡᠯ ᠵᠡᠬᠦᠳᠤ ᠪᠠᠨ ᠪᠡᠶᠡᠯᠡᠭᠦᠯᠦᠶ᠎ᠡ》 ᠎ᠪᠠᠷ ᠭᠤᠤᠯ ᠰᠡᠳᠦᠪ ᠪᠣᠯᠭᠠᠵᠤ᠂ 《ᠳᠥᠭᠥᠮ ᠳᠥᠲᠡ᠂ ᠠᠮᠤᠷ ᠲᠦᠪᠱᠢᠨ᠂ ᠭᠣᠢᠳᠠ ᠰᠠᠢᠬᠠᠨ》 ᠤᠷᠤᠯᠳᠤᠭᠠᠨ᠎ᠤ ᠱᠠᠭᠠᠷᠳᠠᠯᠭ᠎ᠠ᠎ᠶ᠋ᠢ ᠠᠭᠤᠰᠤᠯᠴᠠᠭᠤᠯᠵᠤ᠂ ᠪᠥᠬᠥ᠌ ᠶᠠᠪᠤᠴᠠ᠎ᠨᠢ ᠨᠡᠢᠲᠡ 80 ᠮᠢᠨᠦ᠋ᠲ ᠪᠠᠢᠵᠤ᠂ ᠡᠬᠢᠯᠡᠯᠲᠡ᠎ᠶ᠋ᠢᠨ ᠶᠣᠰᠣᠯᠠᠯ ᠪᠠ ᠰᠣᠶᠣᠯ ᠪᠡᠶ᠎ᠡ᠎ᠶ᠋ᠢᠨ ᠲᠠᠮᠢᠷ᠎ᠤᠨ ᠦᠵᠡᠭᠦᠯᠦᠯᠭᠡ᠎ᠶ᠋ᠢᠨ ᠲᠣᠭ᠍ᠯᠠᠯᠲᠠ ᠭᠡᠵᠤ ᠬᠤᠪᠢᠶᠠᠨ ᠶᠠᠪᠤᠭᠳᠠᠭᠤᠯᠪᠠ᠃


截图20240218184527.png


ᠡᠬᠢᠯᠡᠯᠳᠡ ᠵᠢᠨ ᠶᠤᠰᠤᠯᠠᠯ᠎ᠤᠨ ᠠᠬᠤᠢ ᠲᠠᠯᠠᠪᠠᠢ ᠳ᠋ᠦ ᠭᠠᠯ ᠪᠠᠮᠪᠠᠷ ᠲᠦᠷᠡᠯᠵᠡᠨ᠎ᠡ


ᠡᠬᠢᠯᠡᠯᠲᠡ᠎ᠶ᠋ᠢᠨ ᠶᠣᠰᠣᠯᠠᠯ ᠳᠡᠭᠡᠷ᠎ᠡ᠂ ᠲᠠᠮᠢᠷᠴᠢᠨ᠂ ᠬᠢᠨᠠᠭ᠍ᠴᠢ ᠢᠳᠡᠷᠡᠭᠦᠨ ᠠᠯᠬᠤᠭ᠎ᠠ᠎ᠪᠠᠷ ᠲᠠᠯᠠᠪᠠᠢ᠎ᠳᠤ ᠣᠷᠣᠪᠠ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠤ ᠲᠠᠯᠠᠪᠤᠷ᠎ᠲᠤ ᠪᠥᠬᠥ᠌ ᠤᠯᠤᠰ᠎ᠤᠨ 35 ᠲᠥᠯᠥᠭᠡᠯᠡᠭ᠌ᠴᠢᠳ᠎ᠦᠨ ᠪᠦᠯᠬᠦᠮ᠎ᠦᠨ 3000 ᠭᠠᠷᠤᠶ ᠲᠠᠮᠢᠷᠴᠢᠨ ᠮᠥᠰᠥ᠍ ᠴᠠᠰᠤᠨ᠎ᠤ ᠪᠣᠯᠵᠣᠭᠠᠨ᠎ᠳᠤ ᠤᠷᠤᠯᠴᠠᠵᠤ᠂ 8 ᠶᠡᠬᠡ ᠲᠥᠷᠥᠯ᠂ 16 ᠬᠤᠪᠢᠶᠠᠷᠢ ᠲᠥᠷᠥᠯ᠂ 176 ᠪᠠᠭ᠎ᠠ ᠲᠥᠷᠥᠯ᠎ᠦᠨ ᠤᠷᠤᠯᠳᠤᠭᠠᠨ ᠶᠠᠪᠤᠭᠤᠯᠵᠤ᠂ ᠱᠢᠨ᠎ᠡ ᠴᠠᠭ ᠦᠶ᠎ᠡ᠎ᠶ᠋ᠢᠨ ᠲᠠᠮᠢᠷᠴᠢᠳ᠎ᠤᠨ ᠣᠮᠣᠭ ᠵᠣᠷᠢᠭ ᠪᠠ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠦᠵᠡᠭᠦᠯᠵᠤ᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠴᠣᠭ ᠵᠢᠪᠬᠤᠭ᠎ᠠ᠎ᠶ᠋ᠢ ᠢᠯᠡᠷᠡᠭᠦᠯᠵᠦ᠍᠂ ᠡᠪᠦᠯ᠎ᠦᠨ ᠤᠯᠠᠷᠢᠯ ᠤ᠋ᠨ ᠲᠠᠮᠢᠷ᠎ᠤᠨ ᠴᠤᠭ᠍ᠯᠠᠭᠠᠨ᠎ᠤ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠪᠣᠯᠤᠨ᠎ᠠ᠃


截图20240218184546.png


ᠳᠤᠬᠯᠠᠯᠳᠠ ᠭᠠᠷᠭᠠᠨ᠎ᠠ


ᠰᠣᠶᠣᠯ ᠪᠡᠶ᠎ᠡ᠎ᠶ᠋ᠢᠨ ᠲᠠᠮᠢᠷ᠎ᠤᠨ ᠦᠵᠡᠭᠦᠯᠦᠯᠭᠡ᠎ᠶ᠋ᠢᠨ ᠲᠣᠭ᠍ᠯᠠᠯᠲᠠ ᠳ᠋ᠤ ᠣᠷᠣᠱᠢᠯ《ᠬᠠᠮᠲᠤ᠎ᠶ᠋ᠢᠨ ᠬᠡᠷ ᠣᠷᠣᠨ》᠂ ᠭᠤᠤᠯ ᠭᠡᠰᠡᠭ 《ᠦᠵᠡᠰᠭᠦᠯᠡᠩᠲᠦ ᠰᠠᠢᠬᠠᠨ ᠠᠭᠤᠯᠠ ᠤᠰᠤ》᠂ 《ᠮᠥᠰᠥ᠍ ᠴᠠᠰᠤᠨ ᠎ᠳᠤ ᠬᠠᠮᠲᠤ ᠎ᠪᠡᠷ ᠪᠤᠯᠵᠤᠶ᠎ᠠ》᠂ 《ᠭᠠᠷ ᠬᠣᠯᠪᠣᠯᠴᠠᠨ ᠬᠠᠮᠲᠤ ᠪᠡᠷ ᠡᠷᠡᠮᠡᠬᠡᠢᠯᠡᠨ ᠤᠷᠤᠭ᠍ᠰᠢᠯᠠᠶ᠎ᠠ》ᠪᠤᠯᠤᠨ ᠲᠡᠭᠦᠰᠭᠡᠯ 《ᠬᠠᠮᠲᠤ᠎ᠶ᠋ᠢᠨ ᠢᠷᠡᠭᠡᠳᠦᠶ》ᠵᠡᠷᠭᠡ ᠪᠠᠭ᠍ᠲᠠᠵᠤ᠂ ᠳᠤᠮᠳᠠᠳᠤ ᠤᠯᠤᠰ᠎ᠤᠨ ᠬᠡᠪ ᠨᠠᠮᠪᠠ᠂ ᠦᠨᠳᠦᠰᠦᠲᠡᠨ᠎ᠦ ᠣᠨᠴᠠᠯᠢᠭ᠂ ᠤᠮᠠᠷᠠᠲᠤ ᠬᠢᠯᠢ᠎ᠶ᠋ᠢᠨ ᠬᠥᠭ ᠠᠶᠠᠰ᠂ ᠬᠥᠳᠡᠯᠭᠡᠭᠡᠨ᠎ᠦ ᠠᠮᠢᠵᠢᠷᠠᠯ᠎ᠤᠨ ᠬᠦᠴᠦᠨ᠎ᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠷᠭ᠎ᠠ ᠪᠠᠷᠢᠯ᠎ᠢᠶᠠᠷ ᠠᠮᠢᠳᠤᠯᠢᠭ ᠢᠯᠡᠷᠡᠭᠦᠯᠵᠦ᠍᠂ ᠤᠯᠠᠮᠵᠢᠯᠠᠨ ᠵᠠᠯᠭᠠᠮᠵᠢᠯᠠᠬᠤ ᠪᠠ ᠱᠢᠨ᠎ᠡ᠎ᠶ᠋ᠢ ᠡᠭᠦᠳᠬᠦ᠌ ᠢ᠋ᠢ ᠬᠤᠤᠰᠯᠠᠭᠤᠯᠵᠤ᠂ ᠲᠠᠯ᠎ᠠ ᠨᠤᠲᠤᠭ᠎ᠤᠨ ᠰᠣᠶᠣᠯ᠂ ᠮᠥᠰᠥ᠍ ᠴᠠᠰᠤᠨ᠎ᠤ ᠰᠣᠶᠣᠯ ᠪᠣᠯᠤᠨ ᠦᠨᠳᠦᠰᠦᠲᠡᠨ᠎ᠦ ᠰᠣᠶᠣᠯ᠎ᠤᠨ ᠭᠣᠢᠳᠠ ᠰᠠᠢᠬᠠᠨ ᠷᠢᠳᠢ ᠱᠢᠳᠢ᠎ᠶ᠋ᠢ ᠢᠯᠡᠷᠡᠭᠦᠯᠵᠦ᠍᠂ ᠪᠥᠬᠥ᠌ ᠤᠯᠤᠰ᠎ᠤᠨ ᠠᠷᠠᠳ ᠲᠦᠮᠡᠨ᠎ᠳᠦ ᠥᠪᠡᠷᠮᠢᠴᠡ ᠰᠤᠳᠤᠨ ᠦᠪᠡᠳᠡᠭ᠌ᠰᠢ ᠨᠠᠢᠷ᠎ᠢ ᠡᠷᠭᠦᠨ ᠪᠠᠷᠢᠭᠰᠠᠨ ᠪᠠᠢᠨ᠎ᠠ᠃


截图20240218184604.png


ᠡᠯ᠎ᠡ ᠳᠦᠯᠦᠬᠡᠯᠡᠭᠴᠢᠳ᠎ᠤᠨ ᠪᠦᠯᠬᠦᠮ ᠎ᠤᠨ ᠳᠤᠭ ᠡᠬᠢᠯᠡᠯᠳᠡ ᠵᠢᠨ ᠶᠤᠰᠤᠯᠠᠯ᠎ᠤᠨ ᠠᠬᠤᠢ ᠲᠠᠯᠠᠪᠠᠢ ᠳ᠋ᠦ ᠨᠠᠮᠢᠷᠠᠨ᠎ᠠ


ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠲᠡᠦᠬᠡᠨ ᠳᠡᠭᠡᠷᠡᠬᠢ ᠬᠡᠪᠴᠢᠶ᠎ᠡ᠎ᠪᠡᠷ ᠬᠠᠮᠤᠭ᠎ᠤᠨ ᠶᠡᠬᠡ᠂ ᠲᠥᠷᠥᠯ ᠵᠦᠶ᠋ᠯ᠎ᠢᠶᠡᠷ ᠬᠠᠮᠤᠭ᠎ᠤᠨ ᠪᠦᠷᠢᠨ ᠪᠡᠶ᠎ᠡ᠎ᠶ᠋ᠢᠨ ᠲᠠᠮᠢᠷ᠎ᠤᠨ ᠦᠪᠡᠳᠡᠭ᠌ᠰᠢ ᠴᠤᠭ᠍ᠯᠠᠭᠠᠨ ᠪᠣᠯᠤᠭ᠍ᠰᠠᠨ᠎ᠤ ᠬᠤᠪᠢ᠎ᠳᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠨᠢ 《ᠪᠣᠬᠢᠷᠲᠤᠯ ᠥᠬᠡᠶ᠂ ᠬᠠᠮᠲᠤ᠎ᠪᠠᠷ ᠡᠳ᠋ᠯᠡᠬᠦ᠌᠂ ᠨᠡᠭᠡᠭᠡᠯᠲᠡ ᠲᠡᠶ᠂ ᠠᠷᠢᠭᠤᠨ ᠴᠢᠬᠡᠴᠢ》 ᠤᠷᠤᠯᠳᠤᠭᠠᠨ ᠡᠷᠭᠢᠯᠡᠬᠦ᠌ ᠣᠢᠯᠠᠭᠠᠭ᠍ᠳᠠᠬᠤᠨ᠎ᠢ ᠪᠠᠷᠢᠮᠲᠠᠯᠠᠵᠤ᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ 《ᠡᠮᠦᠨᠡᠰᠢ ᠳᠡᠯᠡᠵᠦ ᠪᠠᠷᠠᠭᠤᠨᠰᠢ ᠥᠷᠭᠡᠳᠭᠡᠵᠦ᠍ ᠵᠡᠭᠦᠨᠰᠢ ᠤᠷᠤᠭ᠍ᠰᠢᠯᠠᠬᠤ》 ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ 《ᠭᠤᠷᠪᠠᠨ ᠳ᠋ᠦᠩᠱᠢᠭᠤᠷ ᠬᠥᠮᠦᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠳᠦ ᠣᠷᠣᠯᠴᠠᠬᠤ》 ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠮᠠᠨ᠎ᠤ ᠤᠯᠤᠰ᠎ᠤᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠬᠥᠭ᠌ᠵᠢᠯᠲᠡ᠎ᠶ᠋ᠢᠨ ᠲᠦᠪᠱᠢᠨ᠎ᠢ ᠳᠡᠯᠭᠡᠨ ᠦᠵᠡᠭᠦᠯᠵᠤ ᠱᠢᠯᠭᠠᠨ ᠪᠠᠢᠴᠠᠭᠠᠬᠤ ᠪᠣᠯᠤᠨ᠎ᠠ᠃

ᠠᠷᠢᠭᠤᠨ ᠭᠠᠯ᠎ᠢ ᠳᠦᠷᠡᠯᠵᠡᠭᠦᠯᠤᠨ᠂ ᠮᠥᠰᠥ᠍ ᠴᠠᠰᠤᠨ᠎ᠤ ᠣᠷᠭᠢᠯᠤᠮ᠎ᠠ ᠰᠡᠳᠭᠢᠯᠭᠡ᠎ᠶ᠋ᠢ ᠬᠥᠭ᠌ᠵᠢᠭᠡᠵᠦ᠍᠂ ᠡᠷᠡᠯᠬᠡᠭ᠌ᠯᠡᠨ ᠤᠷᠤᠭ᠍ᠰᠢᠯᠠᠬᠤ ᠵᠠᠮ᠎ᠢ ᠭᠡᠷᠡᠯᠲᠦᠭᠦᠯᠦᠨ᠎ᠡ᠃ ᠡᠷᠡᠮᠡᠬᠡᠢᠯᠡᠨ ᠲᠡᠮᠡᠴᠡᠭ᠌ᠰᠡᠳ᠎ᠦᠨ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌ ᠢᠳᠡᠷᠡᠭᠦᠨ ᠠᠯᠬᠤᠭ᠎ᠠ ᠡᠨᠳᠡ᠎ᠡᠴᠡ ᠱᠢᠨ᠎ᠡ ᠭᠠᠷᠤᠭ᠎ᠠ᠎ᠪᠠᠨ ᠡᠬᠢᠯᠡᠨ᠎ᠠ᠃


截图20240218184653.png


ᠲᠠᠮᠢᠷᠴᠢᠳ᠎ᠤᠨ ᠲᠦᠯᠦᠬᠡᠯᠡᠭᠴᠢ ᠺᠦᠩ ᠪᠢᠨ ᠪᠢᠨ ᠲᠠᠩᠭᠠᠷᠢᠬᠯᠠᠨ᠎ᠠ


截图20240218184721.png


ᠪᠦᠬᠦᠳᠡ ᠨᠠᠢᠷᠠᠮᠳᠠᠬᠤ ᠳᠤᠮᠳᠠᠳᠦ ᠠᠷᠠᠳ ᠤᠯᠤᠰ᠎ᠤᠨ ᠡᠪᠤᠯ᠎ᠤᠨ ᠤᠯᠠᠷᠢᠯ᠎ᠤᠨ ᠲᠠᠮᠢᠷ᠎ᠤᠨ ᠴᠤᠬᠯᠠᠭᠠᠨ᠎ᠤ ᠳᠤᠭ᠎ᠢ ᠠᠬᠤᠢ ᠲᠠᠯᠠᠪᠠᠢ ᠳ᠋ᠦ ᠤᠷᠤᠭᠤᠯᠤᠨ᠎ᠠ


截图20240218184707.png


ᠪᠦᠬᠦᠳᠡ ᠨᠠᠢᠷᠠᠮᠳᠠᠬᠤ ᠳᠤᠮᠳᠠᠳᠦ ᠠᠷᠠᠳ ᠤᠯᠤᠰ᠎ᠤᠨ ᠠᠷᠪᠠᠨ ᠲᠦᠷᠪᠡᠳᠦᠬᠡᠷ ᠬᠤᠭᠤᠴᠠᠭᠠᠨ᠎ᠤ ᠪᠦᠬᠦ ᠤᠯᠤᠰ᠎ᠤᠨ ᠡᠪᠤᠯ᠎ᠤᠨ ᠤᠯᠠᠷᠢᠯ᠎ᠤᠨ ᠲᠠᠮᠢᠷ᠎ᠤᠨ ᠴᠤᠬᠯᠠᠭᠠᠨ᠎ᠤ ᠳᠤᠭ᠎ᠢ ᠠᠬᠤᠢ ᠲᠠᠯᠠᠪᠠᠢ ᠳ᠋ᠦ ᠤᠷᠤᠭᠤᠯᠤᠨ᠎ᠠ


ᠵᠤᠬᠢᠶᠠᠯ \\ ᠵᠢᠷᠤᠭ᠄ ᠲᠤᠰ ᠰᠣᠨᠢᠨ᠎ᠤ ᠰᠤᠷᠪᠤᠯᠵᠢᠯᠠᠭ᠍ᠴᠢ ᠦᠨᠢᠷ ᠬᠤᠢᠳᠤᠡᠤᠯᠤᠰ ᠮᠦᠩᠬᠡᠴᠢᠯᠠᠭᠤ ᠸᠠᠩ ᠯᠸᠢ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面