ᠰᠣᠶᠣᠯ ᠤᠷᠠᠯᠢᠭ > ᠠᠷᠪᠠᠨ ᠳᠥᠷᠪᠡᠳᠦᠭᠡᠷ ᠬᠤᠭᠤᠴᠠᠭᠠᠨ᠎ᠤ᠋ ᠡᠪᠦᠯ᠎ᠦ᠋ᠨ ᠤᠯᠠᠷᠢᠯ᠎ᠤ᠋ᠨ ᠲᠠᠮᠢᠷ᠎ᠤ᠋ᠨ ᠴᠤᠭᠯᠠᠭᠠᠨ

2024-02-20 10:11:53

ᠵᠣᠬᠢᠶᠠᠭ᠍ᠴᠢ᠄ ᠬᠠᠢ ᠵᠢᠶᠦᠢ᠍ᠨ ᠢᠳᠡᠷᠡᠬᠦᠨ ᠰᠠᠨᠰᠡᠷ ᠣᠩᠱᠢᠭ᠍ᠰᠠᠨ ᠣᠳᠠᠭ᠎ᠠ᠄ 3

2 ᠰᠠᠷ᠎ᠠ᠎ᠶ᠋ᠢᠨ 19᠎ᠦ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠤᠯᠠᠭᠠᠨᠴᠠᠪ᠎ᠤᠨ ᠯᠢᠶᠠᠩᠴᠧᠩ᠎ᠦᠨ ᠤᠷᠤᠯᠳᠤᠭᠠᠨ᠎ᠤ ᠲᠣᠭᠣᠷᠢᠭ ᠡᠴᠡ ᠰᠠᠢᠨ ᠴᠢᠮᠡᠭᠡ ᠵᠠᠯᠭᠠᠭ᠎ᠠ ᠪᠠᠷ ᠤᠯᠠᠮᠵᠢᠯᠠᠭ᠍ᠳᠠᠵᠤ᠂ ᠲᠠᠡᠭ ᠬᠠᠪᠲᠠᠰᠤ ᠵᠢᠨ ᠴᠠᠨᠠᠯᠠᠯᠲᠠ ᠵᠢᠨ ᠤᠷᠤᠯᠳᠤᠭᠠᠨ᠎ᠳᠤ ᠨᠡᠢ᠌ᠲᠡ 4 ᠠᠯᠲᠠᠨ ᠮᠧᠳᠠᠯ ᠲᠤᠳᠤᠷᠠᠵᠠᠢ᠃ ᠲᠠᠡᠭ ᠬᠠᠪᠲᠠᠰᠤ ᠵᠢᠨ ᠴᠠᠨᠠᠯᠠᠯᠲᠠ ᠵᠢᠨ ᠵᠠᠯᠠᠭᠤᠴᠤᠳ᠎ᠤᠨ ᠳᠤᠭᠤᠢᠯᠠᠩ᠎ᠤᠨ ᠡᠮᠡᠭ᠌ᠲᠡᠶ᠂ ᠡᠷᠡᠭ᠌ᠲᠡᠶ᠎ᠶ᠋ᠢᠨ ᠰᠠᠭᠠᠳ ᠳᠠᠪᠠᠬᠤ ᠤᠷᠤᠯᠳᠤᠭᠠᠨ ᠳ᠋ᠤ᠂ ᠲᠥᠪᠡᠳ᠎ᠦᠨ ᠲᠦᠯᠦᠭᠡᠯᠡᠭᠴᠢᠳ ᠤ᠋ᠨ ᠠᠩᠭᠢ᠎ᠶ᠋ᠢᠨ ᠶᠦᠩᠴᠢᠡᠭᠯᠡᠮᠦ᠍᠂ ᠯᠢᠶᠣᠤᠨᠢᠩ᠎ᠤᠨ ᠲᠦᠯᠦᠭᠡᠯᠡᠭᠴᠢᠳ ᠤ᠋ᠨ ᠠᠩᠭᠢ᠎ᠶ᠋ᠢᠨ ᠯᠢ ᠶᠢᠡᠭ ᠹᠸᠢ ᠲᠤᠰ ᠲᠤᠰ ᠠᠯᠲᠠᠨ ᠮᠧᠳᠠᠯ ᠣᠯᠵᠠᠶ︔ ᠢᠯᠡ ᠲᠤᠭᠤᠢᠯᠠᠡᠭ ᠤ᠋ᠨ ᠡᠮᠡᠭ᠌ᠲᠡᠢ᠂ ᠡᠷᠡᠭ᠌ᠲᠡᠶ᠎ᠶ᠋ᠢᠨ ᠰᠠᠭᠠᠳ ᠳᠠᠪᠠᠬᠤ ᠤᠷᠤᠯᠳᠤᠭᠠᠨ ᠳ᠋ᠤ ᠭᠦᠶ᠋ᠵᠸᠤ᠎ᠶ᠋ᠢᠨ ᠲᠦᠯᠦᠭᠡᠯᠡᠭᠴᠢᠳ ᠤ᠋ᠨ ᠠᠩᠭᠢ᠎ᠶ᠋ᠢᠨ ᠭᠦᠸᠧ ᠴᠢᠶᠠᠨ ᠢ᠂ ᠭᠢᠷᠢᠨ᠎ᠦ ᠲᠦᠯᠦᠭᠡᠯᠡᠭᠴᠢᠳ ᠤ᠋ᠨ ᠠᠩᠭᠢ᠎ᠶ᠋ᠢᠨ ᠶᠧ ᠺᠠᠩ ᠵᠢᠶᠠ ᠲᠤᠰ ᠲᠤᠰ ᠮᠠᠩᠯᠠᠢᠯᠠᠪᠠ᠃


113.png


ᠲᠠᠡᠭ ᠬᠠᠪᠲᠠᠰᠤ ᠵᠢᠨ ᠴᠠᠨᠠᠯᠠᠯᠲᠠ ᠵᠢᠨ ᠡᠷᠡᠭ᠌ᠲᠡᠶ᠎ᠶ᠋ᠢᠨ ᠰᠠᠭᠠᠳ ᠳᠠᠪᠠᠬᠤ ᠤᠷᠤᠯᠳᠤᠭᠠᠨ᠎ᠤ ᠠᠬᠤᠢ ᠲᠠᠯᠠᠪᠠᠢ


ᠳᠤᠷᠠᠳᠤᠭᠤᠱᠢᠲᠠᠶ ᠨᠢ᠂ ᠲᠠᠡᠭ ᠬᠠᠪᠲᠠᠰᠤ ᠵᠢᠨ ᠴᠠᠨᠠᠯᠠᠯᠲᠠ ᠵᠢᠨ ᠢᠯᠡ ᠲᠤᠭᠤᠢᠯᠠᠡᠭ ᠤ᠋ᠨ ᠡᠷᠡᠭ᠌ᠲᠡᠶ᠎ᠶ᠋ᠢᠨ ᠰᠠᠭᠠᠳ ᠳᠠᠪᠠᠬᠤ ᠤᠷᠤᠯᠳᠤᠭᠠᠨ ᠳ᠋ᠤ᠂ ᠥᠪᠥᠷ ᠮᠣᠩᠭᠣᠯ᠎ᠤᠨ ᠲᠦᠯᠦᠭᠡᠯᠡᠭᠴᠢᠳ ᠤ᠋ᠨ ᠠᠩᠭᠢ᠎ᠶ᠋ᠢᠨ ᠯᠢ ᠺᠧ ᠱᠢᠨ ᠱᠢᠷᠬ᠎ᠠ ᠲᠠᠶ ᠪᠠᠢᠬᠰᠠᠨ ᠴᠦ᠍ ᠤᠷᠤᠯᠴᠠᠭᠠᠳ ᠮᠥᠩᠭᠥᠨ ᠮᠧᠳᠠᠯ ᠬᠦᠷᠳᠡᠵᠡᠢ᠃ 《ᠱᠢᠷᠬ᠎ᠠ᠎ᠲᠠᠶ ᠪᠠᠢᠭ᠎ᠠ ᠪᠠᠢᠳᠠᠯ ᠲᠤᠤᠷ᠎ᠠ ᠡᠨᠡ ᠬᠦ᠌ ᠬᠢᠷᠢ ᠪᠦᠲᠦᠮᠵᠢ᠎ᠶ᠋ᠢ ᠣᠯᠤᠭᠰᠠᠨ ᠳ᠋ᠠᠭᠠᠨ ᠨᠡᠯᠢᠶᠡᠳ ᠬᠠᠨᠤᠮᠵᠢᠲᠠᠶ ᠪᠠᠢᠨ᠎ᠠ᠃ ᠡᠨᠡ ᠡᠳᠦᠷ ᠤ᠋ᠨ ᠪᠠᠢᠳᠠᠯ ᠮᠠᠰᠢ ᠰᠠᠢᠨ᠂ ᠭᠡᠷ᠎ᠦᠨ ᠵᠢᠡᠨ ᠡᠭᠦᠳᠡᠨ᠎ᠳᠦ ᠱᠠᠩᠨᠠᠯ ᠠᠪᠬᠤ ᠨᠢ ᠦᠨᠡᠬᠡᠷ ᠠᠵᠠ᠎ᠲᠠᠶ ᠶᠠᠪᠤᠳᠠᠯ ᠶᠤᠮ᠃ ᠳᠠᠷᠠᠭᠠᠴᠢ᠎ᠶ᠋ᠢᠨ ᠬᠠᠷᠠᠯᠲᠠ ᠪᠣᠯ ᠤᠯᠤᠰ᠎ᠤᠨ ᠠᠩᠭᠢ᠎ᠳᠤ ᠣᠷᠣᠵᠤ᠂ ᠥᠪᠥᠷ ᠮᠣᠩᠭᠣᠯ᠂ ᠤᠯᠤᠰ ᠣᠷᠣᠨ ᠤ᠋ ᠪᠠᠨ ᠢᠷᠠᠭᠤ ᠠᠯᠳᠠᠷ᠎ᠤᠨ ᠲᠦᠯᠦᠭᠡ ᠴᠢᠷᠮᠠᠢᠨ᠎ᠠ︾ ᠬᠡᠵᠤ ᠥᠪᠥᠷ ᠮᠣᠩᠭᠣᠯ᠎ᠤᠨ ᠲᠦᠯᠦᠭᠡᠯᠡᠭᠴᠢᠳ ᠤ᠋ᠨ ᠠᠩᠭᠢ ᠵᠢᠨ ᠯᠢ ᠺᠧ ᠱᠢᠨ ᠶᠠᠷᠢᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面