ᠰᠣᠶᠣᠯ ᠤᠷᠠᠯᠢᠭ > ᠠᠷᠪᠠᠨ ᠳᠥᠷᠪᠡᠳᠦᠭᠡᠷ ᠬᠤᠭᠤᠴᠠᠭᠠᠨ᠎ᠤ᠋ ᠡᠪᠦᠯ᠎ᠦ᠋ᠨ ᠤᠯᠠᠷᠢᠯ᠎ᠤ᠋ᠨ ᠲᠠᠮᠢᠷ᠎ᠤ᠋ᠨ ᠴᠤᠭᠯᠠᠭᠠᠨ

2024-02-21 18:57:51

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2 ᠰᠠᠷ᠎ᠠ᠎ᠶ᠋ᠢᠨ 18 ᠪᠠ 19 ᠎ᠦ ᠤᠷᠤᠢ᠂ ᠠᠷᠪᠠᠨ ᠳᠥᠷᠪᠡᠳᠦᠭᠡᠷᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠠᠷᠠᠳ᠎ᠲᠤ ᠠᠱᠢᠭ ᠬᠦᠷᠲᠡᠭᠡᠬᠦ᠌ 《ᠡᠷᠭᠦᠨ᠎ᠡ》 ᠬᠠᠮᠳᠤᠯᠢᠭ᠎ᠤᠨ ᠤᠷᠠᠨ ᠰᠠᠢᠬᠠᠨ᠎ᠤ ᠲᠣᠭ᠍ᠯᠠᠯᠲᠠᠬᠠᠢᠯᠠᠷ ᠲᠦ᠍ ᠶᠠᠪᠤᠭᠳᠠᠵᠦ᠂᠎ᠬᠠᠮᠲᠤᠯᠢᠭ᠎ᠤᠨ ᠬᠢᠨ ᠤᠯᠠᠨ᠎ᠠ ᠲᠠᠭᠠᠱᠢᠶᠠᠭ᠍ᠳᠠᠭ᠍ᠰᠠᠨ 《ᠬᠤᠨ ᠭᠠᠯᠠᠭᠤ》᠂ 《ᠮᠤᠨᠢ ᠠᠭᠤᠯᠠ》᠂ 《ᠠᠷᠢᠬᠢᠨ᠎ᠤ ᠳᠠᠭᠤᠤ》 ᠵᠡᠷᠭᠡ ᠤᠯᠠᠨ ᠠᠶ᠎ᠠ ᠳᠠᠭᠤᠤᠪᠡᠷ᠎ᠶ᠋ᠢᠡᠨ ᠬᠦᠷᠦᠯᠴᠡᠨ ᠢᠷᠡᠭᠰᠡᠨ ᠦᠵᠡᠭᠴᠢᠳ᠎ᠤᠨ ᠬᠠᠷᠠᠭ᠎ᠠ ᠰᠤᠨᠤᠷ᠎ᠢ ᠪᠠᠶᠠᠰᠬᠠᠯ᠎ᠠ᠃



《ᠡᠷᠭᠦᠨ᠎ᠡ》 ᠬᠠᠮᠳᠤᠯᠢᠭ᠎ᠤᠨᠳᠠᠭᠤᠴᠢᠨ ᠬᠦᠬᠡᠲᠤᠯᠭ᠎ᠠ᠄ 《ᠡᠨᠡ ᠤᠳᠠᠭ᠎ᠠ ᠮᠠᠨ᠎ᠤ ᠬᠠᠮᠳᠤᠯᠢᠭ ᠡᠷᠭᠦᠨ᠎ᠡ ᠬᠣᠲᠠ᠎ᠶ᠋ᠢᠨ 〈ᠬᠣᠲᠠ᠎ᠶ᠋ᠢᠨ ᠲᠠᠨᠢᠯᠴᠠᠭᠤᠯᠤᠭ᠍ᠴᠢ〉 ᠶ᠋ᠢᠨ ᠬᠤᠪᠢ᠎ᠪᠠᠷᠲᠣᠭ᠍ᠯᠠᠯᠲᠠ ᠭᠠᠷᠭᠠᠬᠤ᠎ᠪᠠᠷ ᠢᠷᠡᠵᠡᠢ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠤᠷᠤᠭᠰᠢᠳᠠᠢ ᠶᠠᠪᠤᠭᠳᠠᠵᠦ ᠪᠠᠢᠭ᠎ᠠ᠎ᠳᠤ ᠬᠦᠴᠦ᠍ᠨ ᠨᠡᠮᠡᠷᠢᠯᠡᠵᠦ᠍᠂ᠲᠠᠮᠢᠷᠴᠢᠳ᠎ᠢ ᠵᠣᠷᠢᠭ᠍ᠵᠢᠭᠤᠯᠤᠬᠰᠠᠨ᠎ᠳᠠᠭᠠᠨ ᠮᠠᠰᠢ ᠪᠠᠶᠠᠷᠲᠠᠶ ᠪᠠᠢᠨ᠎ᠠ᠂ ᠨᠠᠢᠵᠠ᠎ᠨᠠᠷ᠎ᠤᠨ᠎ᠢᠶᠠᠨ ᠦᠵᠡᠰᠭᠦᠯᠡᠩᠲᠦᠰᠠᠢᠬᠠᠨ ᠡᠷᠭᠦᠨ᠎ᠡ ᠬᠤᠲᠠ᠎ᠳᠦ ᠮᠣᠷᠢᠯᠠᠨ ᠰᠠᠭᠠᠲᠠᠬᠤ᠎ᠶ᠋ᠢ ᠪᠠᠶᠠᠷᠯᠠᠨ ᠤᠭ᠍ᠲᠤᠵᠤ ᠪᠠᠢᠨ᠎ᠠ》 ᠭᠡᠵᠦ ᠶᠠᠷᠢᠯ᠎ᠠ᠃



ᠲᠣᠭ᠍ᠯᠠᠯᠲᠠ᠎ᠶ᠋ᠢᠨ ᠠᠬᠤᠢ ᠲᠠᠯᠠᠪᠠᠢ᠎ᠳᠤ᠂ ᠡᠷᠭᠦᠨ᠎ᠡ ᠬᠤᠳᠠ᠎ᠶ᠋ᠢᠨᠤᠯᠠᠭᠠᠨᠮᠥ᠋ᠴᠢᠷ᠎ᠦᠨ ᠭᠡᠱᠢᠭᠦᠳ ᠪᠣᠯᠤᠨ ᠥᠪᠥᠷ ᠮᠣᠩᠭᠣᠯ᠎ᠤᠨ ᠤᠷᠤᠰ᠎ᠦᠨᠳᠦᠰᠦᠲᠡᠨ᠎ᠦ ᠰᠤᠳᠤᠯᠭᠠᠨ᠎ᠤ ᠨᠡᠢᠭᠡᠮᠯᠢᠭ᠎ᠦᠨᠲᠣᠭ᠍ᠯᠠᠭ᠍ᠴᠢᠳ᠎ᠤᠨ ᠡᠷᠭᠦᠭᠰᠡᠨ 《ᠪᠠᠶᠠᠰᠭᠤᠯᠠᠩᠲᠤ ᠪᠠᠰᠺ ᠪᠠᠶᠠᠷ᠎ᠤᠨ ᠡᠳᠦᠷ》 ᠬᠡᠮᠡᠬᠦ ᠪᠦᠵᠢᠭ᠂ ᠨᠠᠢᠷᠠᠯ ᠳᠠᠭᠤᠤ 《ᠪᠠᠰᠺ ᠪᠠᠶᠠᠷ᠎ᠤᠨᠦᠳᠡᠰᠢ》 ᠨᠢ ᠦᠨᠳᠦᠰᠦᠲᠡᠨ᠎ᠦ ᠣᠨᠴᠠᠯᠢᠭ ᠪᠦᠬᠦᠢ ᠳᠠᠭᠤᠤ ᠪᠥᠵᠢᠭ᠎ᠦᠨᠬᠡᠪ ᠨᠠᠮᠪᠠ᠎ᠪᠠᠷ ᠬᠥᠮᠦᠰ᠎ᠦᠨ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠢᠯᠡᠳᠭᠡᠭ᠌ᠰᠡᠨ ᠪᠠᠢᠨ᠎ᠠ᠃




《ᠡᠷᠭᠦᠨ᠎ᠡ》 ᠬᠠᠮᠳᠤᠯᠢᠭ᠎ᠤᠨᠲᠤᠰᠭᠠᠶ ᠲᠣᠭ᠍ᠯᠠᠯᠲᠠ᠎ᠶ᠋ᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨᠲᠠᠮᠢᠷ᠎ᠤᠨ ᠴᠤᠭ᠍ᠯᠠᠭᠠᠨ᠎ᠤ ᠬᠥᠯᠥᠨ ᠪᠣᠢᠷ᠎ᠤᠨ ᠭᠦᠶ᠋ᠴᠡᠳᠭᠡᠬᠦ᠌ ᠺᠤᠮᠢᠰ᠂ ᠬᠥᠯᠥᠨ ᠪᠣᠢᠷ ᠬᠣᠲᠠ᠎ᠶ᠋ᠢᠨ ᠨᠠᠮ᠎ᠤᠨᠬᠣᠷᠢᠶᠠᠨ᠎ᠤ ᠤᠬᠠᠭᠤᠯᠬᠤ ᠬᠡᠯᠲᠡᠰ ᠭᠤᠤᠯᠯᠠᠨ ᠡᠷᠭᠢᠯᠡᠵᠦ᠍᠂ ᠡᠷᠭᠦᠨ᠎ᠡ ᠬᠣᠲᠠ᠎ᠶ᠋ᠢᠨ ᠨᠠᠮ᠎ᠤᠨ ᠬᠣᠷᠢᠶ᠎ᠠ ᠵᠠᠰᠠᠭ᠎ᠤᠨᠣᠷᠳᠣᠨ ᠳᠠᠭᠠᠭᠠᠴᠢᠯᠠᠨ ᠡᠷᠭᠢᠯᠡᠪᠡ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨᠲᠠᠮᠢᠷ᠎ᠤᠨ ᠴᠤᠭ᠍ᠯᠠᠭᠠᠨ᠎ᠤ ᠠᠷᠠᠳ᠎ᠲᠤ ᠠᠱᠢᠭ ᠬᠦᠷᠲᠡᠭᠡᠬᠦ᠌ ᠤᠷᠠᠨ ᠰᠠᠢᠬᠠᠨ᠎ᠤ ᠲᠣᠭ᠍ᠯᠠᠯᠲᠠ 2 ᠰᠠᠷ᠎ᠠ᠎ᠶ᠋ᠢᠨ23᠎ᠤ ᠡᠳᠦᠷ ᠪᠣᠯᠲᠠᠯ᠎ᠠ ᠦᠷᠭᠦᠯᠵᠢᠯᠡᠵᠦ᠍᠂ ᠤᠯᠠᠨ ᠬᠥᠭ᠌ᠵᠢᠮ᠎ᠦᠨ ᠪᠦᠯᠬᠦᠮ᠂ ᠨᠠᠢᠷᠠᠯ ᠳᠠᠭᠤᠤ᠎ᠶ᠋ᠢᠨ ᠪᠦᠯᠬᠦᠮ᠎ᠢᠤᠷᠢᠵᠤ ᠲᠤᠭᠯᠠᠯᠲᠠ ᠭᠠᠷᠭᠠᠨ᠂ ᠳᠠᠭᠤᠤ ᠬᠥᠭ᠌ᠵᠢᠮ᠎ᠢᠶᠡᠷ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠣᠷᠭᠢᠯᠤᠮ᠎ᠠᠰᠡᠳᠭᠢᠯᠭᠡ᠎ᠶ᠋ᠢ ᠬᠥᠭ᠌ᠵᠢᠭᠡᠬᠦ᠌ ᠪᠣᠯᠤᠨ᠎ᠠ᠃



ᠰᠤᠷᠪᠤᠯᠵᠢᠯᠠᠭ᠍ᠴᠢ᠄ᠴᠸᠨ ᠨᠠᠷᠠᠨᠳᠤᠨᠭᠭᠠᠯᠠᠭ

ᠭᠡᠷᠡᠯ ᠵᠢᠷᠤᠭ᠄ ᠴᠤᠪᠤᠭᠤ

ᠰᠡᠬᠦᠳᠡᠷᠯᠡᠭᠴᠢ᠂ ᠹᠢᠯᠢᠮᠦᠢᠯᠡᠳᠦᠭᠴᠢ᠄ ᠠᠯᠤᠰ

ᠬᠢᠨᠠᠭᠴᠢ᠄ ᠪᠢᠯᠢᠭᠳᠦ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面