ᠰᠣᠶᠣᠯ ᠤᠷᠠᠯᠢᠭ > ᠠᠷᠪᠠᠨ ᠳᠥᠷᠪᠡᠳᠦᠭᠡᠷ ᠬᠤᠭᠤᠴᠠᠭᠠᠨ᠎ᠤ᠋ ᠡᠪᠦᠯ᠎ᠦ᠋ᠨ ᠤᠯᠠᠷᠢᠯ᠎ᠤ᠋ᠨ ᠲᠠᠮᠢᠷ᠎ᠤ᠋ᠨ ᠴᠤᠭᠯᠠᠭᠠᠨ

2024-02-23 10:23:39

ᠵᠣᠬᠢᠶᠠᠭ᠍ᠴᠢ᠄ ​ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

2 ᠰᠠᠷ᠎ᠠ᠎ᠶ᠋ᠢᠨ 22 ᠎ᠤᠨ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠮᠥᠰᠥᠨ ᠳᠡᠪᠦᠷ᠎ᠡ᠎ᠶ᠋ᠢᠨ ᠢᠯᠠ ᠳᠤᠭᠤᠢᠯᠠᠩ᠎ᠤᠨ ᠡᠷᠡᠭ᠌ᠲᠡᠢ ᠡᠮᠡᠭ᠌ᠲᠡᠢ᠎ᠶ᠋ᠢᠨ ᠡᠭᠡᠯᠵᠢᠳᠦ ᠤᠷᠤᠯᠳᠤᠭᠠᠨ᠎ᠤ ᠬᠣᠶᠠᠳᠤᠭᠠᠷ᠂ ᠭᠤᠷᠪᠠᠳᠤᠭᠠᠷ ᠡᠭᠡᠯᠵᠢ᠎ᠶ᠋ᠢᠨ ᠤᠷᠤᠯᠳᠤᠭᠠᠨ ᠡᠬᠢᠯᠡᠪᠡ᠃

ᠡᠷᠡᠭ᠌ᠲᠡᠶ᠎ᠶ᠋ᠢᠨ ᠬᠣᠶᠠᠳᠤᠭᠠᠷ ᠡᠭᠡᠯᠵᠢ᠎ᠶ᠋ᠢᠨ ᠡᠭᠡᠯᠵᠢᠳᠦ ᠤᠷᠤᠯᠳᠤᠭᠠᠨ ᠤᠷᠢᠳ᠎ᠢᠶᠠᠷ ᠶᠠᠪᠤᠭ᠍ᠳᠠᠵᠤ᠂ ᠥᠪᠥᠷ ᠮᠣᠩᠭᠣᠯ᠎ᠤᠨ ᠠᠩᠭᠢ᠎ᠶ᠋ᠢᠨ ᠲᠠᠮᠢᠷᠴᠢᠨ ᠶᠠᠩ ᠶᠠᠩ᠂ ᠴᠢᠶᠠᠨ ᡁᠢ ᠫᠧᠩ᠂ ᠯᠢ ᠮᠧᠩ ᠬᠤᠸᠠ᠂ ᠸᠠᠩ ᠵᠢᠨ ᠪᠥᠸᠧ ᠭᠤᠸᠠᠩᠳᠦ᠋ᠩ ᠠᠩᠭᠢ᠎ᠲᠠᠢ ᠦᠷᠢᠰᠦᠯᠳᠦᠵᠦ᠂ ᠥᠪᠥᠷ ᠮᠣᠩᠭᠣᠯ᠎ᠤᠨ ᠠᠩᠭᠢ ᠢᠯᠡᠷᠡᠯ᠎ᠰᠠᠢᠨ ᠪᠠᠢᠵᠤ᠂ ᠳᠣᠯᠣᠳᠤᠭᠠᠷ ᠨᠤᠭᠤᠯᠤᠭᠠᠨ᠎ᠤ ᠳᠠᠷᠠᠭ᠎ᠠ ᠬᠤᠪᠢ᠎ᠶ᠋ᠢᠨ ᠬᠠᠷᠢᠴᠠᠯ᠎ᠨᠢ 8᠄ 1 ᠪᠤᠯᠵᠦ᠂ ᠤᠷᠤᠯᠳᠤᠭᠠᠨ᠎ᠢ ᠤᠷᠢᠳᠴᠢᠯᠠᠨ ᠳᠠᠭᠤᠰᠭᠠᠪᠠ᠃ ᠡᠷᠡᠭ᠌ᠲᠡᠶ᠎ᠶ᠋ᠢᠨ ᠭᠤᠷᠪᠠᠳᠤᠭᠠᠷ ᠡᠭᠡᠯᠵᠢ᠎ᠶ᠋ᠢᠨ ᠤᠷᠤᠯᠳᠤᠭᠠᠨ᠎ᠳᠤ᠂ ᠥᠪᠥᠷ ᠮᠣᠩᠭᠣᠯ᠎ᠤᠨ ᠠᠩᠭᠢ ᠹᠦᠵᠢᠶᠠᠨ᠎ᠤ ᠠᠩᠭᠢ᠎ᠲᠠᠶ ᠦᠷᠢᠰᠦᠯᠳᠦᠵᠦ 6᠄ 7 ᠎ᠶ᠋ᠢᠨ ᠵᠥᠷᠢᠶ᠎ᠡ᠎ᠪᠡᠷ ᠢᠯᠠᠭ᠍ᠳᠠᠵᠠᠶ᠃

ᠲᠤᠰ ᠡᠳᠦᠷ ᠶᠠᠪᠤᠭ᠍ᠳᠠᠭ᠍ᠰᠠᠨ ᠬᠣᠶᠠᠳᠤᠭᠠᠷ ᠡᠭᠡᠯᠵᠢ᠎ᠶ᠋ᠢᠨ ᠡᠮᠡᠭ᠌ᠲᠡᠶ᠎ᠶ᠋ᠢᠨ ᠡᠭᠡᠯᠵᠢᠳᠦ᠎ᠤᠷᠤᠯᠳᠤᠭᠠᠨ᠎ᠳᠤ᠂ ᠥᠪᠥᠷ ᠮᠣᠩᠭᠣᠯ᠎ᠤᠨ ᠠᠩᠭᠢ᠎ᠶᠢᠨ ᠭᠦᠸᠧ ᠶᠠ ᠨᠠᠨ᠂ ᠾᠧ ᠳ᠋ᠠᠨ᠂ ᠲᠢᠶᠠᠨ ᠯᠢᠨ ᠶᠤᠸᠠᠨ᠂ ᠶᠧ ᠵᠢᠩ ᠵᠢᠩ ᠱᠠᠨ ᠰᠢ᠎ᠶ᠋ᠢᠨ ᠠᠩᠭᠢ᠎ᠲᠠᠶ ᠤᠷᠤᠯᠳᠤᠵᠦ᠂ ᠨᠠᠢ᠍ᠮᠠᠳᠤᠭᠠᠷ ᠨᠤᠭᠤᠯᠤᠭ᠎ᠠ ᠥᠩᠭᠡᠷᠡᠭ᠌ᠰᠡᠨ᠎ᠦ ᠳᠠᠷᠠᠭ᠎ᠠ ᠬᠣᠶᠠᠷ ᠲᠠᠯ᠎ᠠ᠎ᠪᠠᠷ᠎ᠢᠶᠠᠨ 3᠄ 3 ᠎ᠪᠠᠷ ᠶᠢᠰᠦᠳᠦᠭᠡᠷ ᠨᠤᠭᠤᠯᠤᠭ᠎ᠠ᠎ᠳᠤ ᠣᠷᠣᠵᠤ᠂ ᠡᠴᠦᠰ᠎ᠲᠡᠬᠡᠨ ᠥᠪᠥᠷ ᠮᠣᠩᠭᠣᠯ᠎ᠤᠨ ᠠᠩᠭᠢ ᠨᠢᠭᠡ ᠬᠤᠪᠢ᠎ᠶ᠋ᠢᠨ ᠵᠥᠷᠢᠶ᠎ᠡ᠎ᠪᠡᠷ ᠢᠯᠠᠭ᠍ᠳᠠᠪᠠ᠃ ᠭᠤᠷᠪᠠᠳᠤᠭᠠᠷ ᠡᠭᠡᠯᠵᠢ᠎ᠶ᠋ᠢᠨ ᠡᠮᠡᠭ᠌ᠲᠡᠶ᠎ᠶ᠋ᠢᠨ ᠡᠭᠡᠯᠵᠢᠳᠦ ᠤᠷᠤᠯᠳᠤᠭᠠᠨ᠎ᠳᠤ᠂ ᠥᠪᠥᠷ ᠮᠣᠩᠭᠣᠯ᠎ᠤᠨ ᠠᠩᠭᠢ ᠶᠦᠨᠨᠠᠨ᠎ᠤ ᠠᠩᠭᠢ᠎ᠲᠠᠶ ᠤᠷᠤᠯᠳᠤᠵᠦ᠂ 6᠄ 3 ᠬᠤᠪᠢ᠎ᠶᠢᠨ ᠬᠠᠷᠢᠴᠠᠯ᠎ᠶ᠋ᠢᠡᠷ ᠢᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面