ᠰᠣᠶᠣᠯ ᠤᠷᠠᠯᠢᠭ > ᠠᠷᠪᠠᠨ ᠳᠥᠷᠪᠡᠳᠦᠭᠡᠷ ᠬᠤᠭᠤᠴᠠᠭᠠᠨ᠎ᠤ᠋ ᠡᠪᠦᠯ᠎ᠦ᠋ᠨ ᠤᠯᠠᠷᠢᠯ᠎ᠤ᠋ᠨ ᠲᠠᠮᠢᠷ᠎ᠤ᠋ᠨ ᠴᠤᠭᠯᠠᠭᠠᠨ

2024-02-23 10:26:50

ᠵᠣᠬᠢᠶᠠᠭ᠍ᠴᠢ᠄ ​ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

2 ᠰᠠᠷ᠎ᠠ᠎ᠶ᠋ᠢᠨ 22 ᠎ᠤ᠋ᠨ ᠡᠳᠦᠷ᠂ ᠬᠥᠯᠥᠨ ᠪᠤᠢ᠌ᠷ ᠬᠤᠳᠠ᠎ᠶ᠋ᠢᠨ ᠬᠡᠦᠬᠡᠳ᠎ᠦᠨ ᠠᠰᠠᠷᠠᠮᠵᠢ᠎ᠶ᠋ᠢᠨ ᠬᠦᠷᠢᠶᠡᠯᠡᠩ᠎ᠤᠨ 50 ᠭᠠᠷᠤᠢ ᠬᠡᠦᠬᠡᠳ᠎ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠎ᠤ ᠡᠷᠡᠭ᠌ᠲᠡᠢ᠎ᠶ᠋ᠢᠨ ᠵᠠᠯᠠᠭᠤᠴᠤᠳ᠎ᠤᠨ ᠳᠤᠭᠤᠢᠯᠠᠩ᠎ᠤᠨ ᠤᠷᠤᠯᠳᠤᠭᠠᠨ᠎ᠢ ᠲᠤᠬᠠᠢ᠎ᠶᠢᠨ ᠲᠠᠯᠠᠪᠠᠢ᠎ᠳᠦ ᠬᠦᠷᠴᠦ ᠰᠤᠨᠢᠷᠬᠠᠪᠠ᠃

《ᠪᠢ ᠠᠩᠬ᠎ᠠ ᠤᠳᠠᠭ᠎ᠠ ᠲᠤᠬᠠᠢ᠎ᠶ᠋ᠢᠨ ᠲᠠᠯᠠᠪᠠᠢ᠎ᠳᠤ ᠮᠥᠰᠥᠨ ᠪᠥᠮᠪᠥᠭᠡ᠎ᠶ᠋ᠢᠨ ᠤᠷᠤᠯᠳᠤᠭᠠᠨ᠎ᠢ ᠦᠵᠡᠵᠦ᠍ ᠪᠠᠢᠨ᠎ᠠ᠂ ᠮᠠᠰᠢ ᠭᠣᠢᠳᠠ ᠰᠠᠢᠬᠠᠨ ᠰᠠᠨᠠᠭ᠍ᠳᠠᠵᠤ ᠪᠠᠢᠨ᠎ᠠ》 ᠭᠡᠵᠦ ᠠᠰᠠᠷᠠᠮᠵᠢ᠎ᠶ᠋ᠢᠨ ᠬᠦᠷᠢᠶᠡᠯᠡᠩ᠎ᠦᠨ ᠨᠢᠭᠡᠨ ᠬᠡᠤᠭᠡᠳ ᠶᠠᠷᠢᠨ᠎ᠠ᠃ ᠠᠰᠠᠷᠠᠮᠵᠢ᠎ᠶ᠋ᠢᠨ ᠬᠦᠷᠢᠶᠡᠯᠡᠩ᠎ᠦᠨ ᠳᠠᠭᠠᠭᠤᠯᠤᠭ᠍ᠴᠢ ᠪᠠᠭ᠍ᠰᠢ ᠳ᠋ᠠᠶ ᠬᠤᠸᠠᠨ᠄ 《ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠬᠤᠭᠤᠴᠠᠭᠠᠨ᠎ᠳᠤ᠂ ᠠᠰᠠᠷᠠᠮᠵᠢ᠎ᠶ᠋ᠢᠨ ᠬᠦᠷᠢᠶᠡᠯᠡᠩ ᠪᠠᠰᠠ ᠣᠯᠠᠨ ᠤᠳᠠᠭ᠎ᠠ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠲᠠᠢᠯᠤᠮᠵᠢ᠂ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ ᠵᠡᠷᠭᠡ ᠠᠵᠢᠯᠯᠠᠭ᠎ᠠ ᠥᠷᠨᠢᠭᠦᠯᠪᠡ᠃ ᠡᠨᠡ ᠨᠢ ᠮᠥᠨ ᠴᠦ᠍ ᠬᠡᠦᠬᠡᠳ᠎ᠦᠨ ᠬᠢᠴᠢᠶᠡᠯ᠎ᠦᠨ ᠭᠠᠳᠠᠨᠠᠬᠢ ᠠᠮᠢᠳᠤᠷᠠᠯ᠎ᠢ ᠪᠠᠶᠠᠯᠢᠭ᠍ᠵᠢᠭᠤᠯᠵᠤ᠂ ᠲᠡᠳᠡᠨ᠎ᠳᠦ ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ ᠎ᠢ ᠤᠢᠯᠠᠭᠠᠬᠤ ᠰᠠᠢᠨ ᠲᠣᠬᠢᠶᠠᠯ ᠬᠠᠨᠭᠭᠠᠬᠤ ᠪᠤᠯᠤᠨ᠎ᠠ》 ᠭᠡᠵᠦ ᠶᠠᠷᠢᠪᠠ᠃

ᠦᠪᠡᠷᠲᠡᠭᠡᠨ ᠵᠠᠰᠠᠬᠤ ᠤᠷᠤᠨ᠎ᠤ ᠮᠦᠰᠦᠨ ᠳᠡᠭᠡᠷᠡᠬᠢ ᠬᠦᠳᠡᠯᠭᠡᠭᠡᠨ᠎ᠤ ᠲᠦᠪ᠎ᠤᠨ ᠮᠥᠰᠥᠨ ᠪᠥᠮᠪᠥᠭᠡ᠎ᠶ᠋ᠢᠨ ᠣᠷᠳᠣᠨ᠎ᠤ ᠠᠵᠢᠯᠲᠠᠨ ᠰᠤᠷᠪᠤᠯᠵᠢᠯᠠᠭ᠍ᠴᠢ᠎ᠳᠤ ᠬᠡᠯᠡᠬᠦ᠌᠎ᠳᠡᠭᠡᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ ᠎ᠤᠨ ᠡᠪᠤᠯ ᠎ᠤᠨ ᠤᠯᠠᠷᠢᠯ ᠎ᠤᠨ ᠲᠠᠮᠢᠷ ᠎ᠤᠨ ᠴᠤᠭᠯᠠᠭᠠᠨ ᠎ᠤ ᠬᠥᠷ ᠬᠥᠭ᠌ᠵᠢᠶᠡᠨ᠎ᠲᠡᠶ ᠠᠭᠤᠷ ᠠᠮᠢᠰᠭᠤᠯ᠎ᠢ ᠮᠡᠳᠡᠷᠡᠭᠦᠯᠬᠦ᠌᠎ᠶ᠋ᠢᠨ ᠲᠥᠯᠥᠭᠡ ᠬᠥᠯᠥᠨ ᠪᠣᠢᠷ ᠬᠣᠲᠠ᠎ᠶ᠋ᠢᠨ ᠬᠡᠦᠬᠡᠳ᠎ᠦᠨ ᠠᠰᠠᠷᠠᠮᠵᠢ᠎ᠶ᠋ᠢᠨ ᠬᠦᠷᠢᠶᠡᠯᠡᠩ᠎ᠳᠦ ᠤᠷᠢᠯᠭ᠎ᠠ ᠶᠠᠪᠤᠭᠤᠯᠤᠭᠰᠠᠨ ᠶᠤᠮ᠂ ᠳᠠᠷᠠᠭ᠎ᠠ᠎ᠪᠠᠷ ᠪᠢᠳᠡ ᠪᠠᠰᠠ ᠵᠡᠬᠡᠯᠢ ᠴᠡᠪᠡᠷᠯᠡᠬᠦ ᠠᠵᠢᠯᠴᠢᠨ᠎ᠢ ᠤᠷᠢᠵᠤ ᠲᠤᠬᠠᠶ᠎ᠶ᠋ᠢᠨ ᠲᠠᠯᠠᠪᠠᠶ᠎ᠳᠤ ᠤᠷᠤᠯᠳᠤᠭᠠᠨ ᠰᠣᠨᠢᠷᠬᠠᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢ ᠦᠨᠡᠨ ᠬᠦ᠌ ᠪᠥᠬᠥ᠌ ᠠᠷᠠᠳ ᠬᠠᠮᠲᠤ᠎ᠪᠠᠷ ᠡᠳ᠋ᠯᠡᠬᠦ᠌᠂ ᠪᠥᠬᠥ᠌ ᠠᠷᠠᠳ᠎ᠢᠶᠠᠷ᠎ᠢᠶᠠᠨ ᠣᠷᠣᠯᠴᠠᠬᠤ ᠮᠥᠰᠥ᠍ ᠴᠠᠰᠤᠨ᠎ᠤ ᠦᠪᠡᠳᠡᠭ᠌ᠰᠢ ᠳᠠᠢᠯᠠᠯᠭ᠎ᠠ ᠪᠣᠯᠭᠠᠬᠤ᠎ᠪᠠᠷ ᠲᠥᠯᠥᠪᠯᠡᠵᠦ᠍ ᠪᠠᠢᠨ᠎ᠠ ᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面