2024-02-24 14:22:21
2 ᠰᠠᠷ᠎ᠠ᠎ᠶ᠋ᠢᠨ 23᠎ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠮᠥᠰᠥᠨ ᠪᠥᠮᠪᠥᠭᠡ᠎ᠶ᠋ᠢᠨ ᠵᠠᠯᠠᠭᠤᠴᠤᠳ᠎ᠤᠨ ᠡᠮᠡᠭ᠌ᠲᠡᠢ᠎ᠶᠢᠨ ᠳᠤᠭᠤᠢᠯᠠᠨᠭ᠌᠎ᠤᠨ ᠬᠣᠶᠠᠷ ᠨᠤᠭᠤᠯᠤᠭ᠎ᠠ ᠤᠷᠤᠯᠳᠤᠭᠠᠨ ᠶᠠᠪᠤᠭᠳᠠᠵᠦ᠂ ᠾᠸᠪᠸᠢ ᠵᠢᠨ ᠠᠩᠭᠢ ᠪᠠ ᠭᠤᠸᠠᠩᠳᠦ᠋ᠩ᠎ᠦᠨ ᠠᠩᠭᠢ᠂ ᠬᠠᠷᠠᠮᠥ᠋ᠷᠡᠨ᠎ᠦ ᠠᠩᠭᠢ ᠪᠠ ᠯᠢᠶᠣᠤᠨᠢᠩ᠎ᠤᠨ ᠠᠩᠭᠢ ᠲᠤᠰ ᠲᠤᠰ ᠦᠷᠢᠰᠦᠯᠳᠦᠵᠡᠢ᠃
ᠾᠧᠪᠧᠢ᠎ᠶ᠋ᠢᠨ ᠠᠩᠭᠢ ᠪᠣᠯᠤᠨ ᠭᠤᠸᠠᠩᠳᠦ᠋ᠩ᠎ᠤᠨ ᠠᠩᠭᠢ᠎ᠶ᠋ᠢᠨ ᠨᠤᠭᠤᠯᠤᠭ᠎ᠠ ᠤᠷᠤᠯᠳᠤᠭᠠᠨ᠎ᠤ ᠬᠣᠶᠠᠳᠤᠭᠠᠷ ᠨᠤᠭᠤᠯᠤᠭ᠎ᠠ ᠵᠢᠴᠢ ᠭᠤᠷᠪᠠᠳᠤᠭᠠᠷ ᠨᠤᠭᠤᠯᠤᠭ᠎ᠠ᠎ᠳᠤ᠂ ᠾᠧᠪᠧᠢ᠎ᠶ᠋ᠢᠨ ᠠᠩᠭᠢ ᠲᠡᠢᠯᠦᠩᠬᠦᠢ ᠪᠠᠢᠷᠢᠨ ᠳ᠋ᠤ ᠪᠠᠢᠵᠤ᠂ ᠤᠷᠤᠯᠳᠤᠭᠠᠨ᠎ᠤ 26 ᠮᠢᠨᠦ᠋ᠲ ᠪᠠ 46 ᠮᠢᠨᠦ᠋ᠲ᠎ᠲᠦ ᠪᠥᠮᠪᠥᠭᠡ ᠣᠷᠣᠭᠤᠯᠵᠤ᠂ 4 ᠄ 1 ᠪᠠᠷ ᠲᠡᠷᠢᠭᠦᠯᠡᠪᠡ᠃ ᠭᠡᠪᠡᠴᠦ᠍ ᠭᠤᠸᠠᠩᠳᠦ᠋ᠩ ᠤ᠋ᠨ ᠠᠩᠭᠢ ᠤᠷᠤᠯᠳᠤᠭᠠᠨ᠎ᠤ 49 ᠮᠢᠨᠦ᠋ᠲ ᠪᠠ 52 ᠮᠢᠨᠦ᠋ᠲ᠎ᠲᠦ ᠵᠠᠯᠭᠠᠭ᠎ᠠ᠎ᠪᠠᠷ ᠪᠥᠮᠪᠥᠭᠡ ᠣᠷᠣᠭᠤᠯᠵᠤ᠂ ᠬᠤᠪᠢ᠎ᠶ᠋ᠢᠨ ᠬᠠᠷᠢᠴᠠᠯ᠎ᠢ 4 ᠄ 3 ᠪᠣᠯᠲᠠᠯ᠎ᠠ ᠨᠡᠬᠡᠪᠡ᠃ ᠲᠠᠷᠠᠭ᠎ᠠ ᠨᠢ᠂ ᠾᠧᠪᠧᠶ᠎ᠶ᠋ᠢᠨ ᠠᠩᠭᠢ ᠭᠤᠸᠠᠩᠳᠦ᠋ᠩ᠎ᠤᠨ ᠠᠩᠭᠢ᠎ᠳᠤ ᠬᠤᠪᠢ ᠣᠯᠬᠤ ᠲᠣᠬᠢᠶᠠᠯ ᠣᠯᠭᠣᠭ᠍ᠰᠠᠨ ᠦᠭᠡᠢ᠂ ᠡᠴᠦᠰ᠎ᠲᠡᠬᠡᠨ 4 ᠄ 3 ᠵᠢᠨ ᠬᠢᠷᠢ ᠪᠦᠳᠦᠮᠵᠢ ᠪᠡᠷ ᠭᠤᠸᠠᠩᠳᠦ᠋ᠩ᠎ᠤᠨ ᠠᠩᠭᠢ᠎ᠵᠢ ᠢᠯᠡᠪᠡ᠃ ᠨᠥᠬᠥᠭᠡ ᠲᠠᠯᠠᠪᠤᠷ ᠤᠷᠤᠯᠳᠤᠭᠠᠨ᠎ᠳᠦ ᠬᠠᠷᠠᠮᠥ᠋ᠷᠡᠨ᠎ᠦ ᠠᠩᠭᠢ ᠪᠤᠯᠤᠨ ᠯᠢᠶᠣᠤᠨᠢᠩ᠎ᠤᠨ ᠠᠩᠭᠢᠤᠷᠤᠯᠳᠤᠵᠤ᠂ ᠬᠠᠷᠠᠮᠥ᠋ᠷᠡᠨ᠎ᠦ ᠠᠩᠭᠢ 0 ᠄ 4 ᠪᠡᠷᠯᠢᠶᠣᠤᠨᠢᠩᠤᠨ ᠠᠩᠭᠢ᠎ᠳᠤ ᠳᠡᠢᠯᠦᠭ᠌ᠳᠡᠵᠡᠶ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃